ᠬᠠᠤᠯᠢ ᠶᠢᠨ ᠲᠥᠪ ᠭᠤᠥᠯᠴᠢ ᠶᠢ ᠬᠠᠮᠠᠭᠠᠯᠠᠵᠤ ᠰᠢᠬᠦᠭᠴᠢ ᠶᠢᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠨ᠎ᠡ
ᠨᠡᠶᠢᠲᠡᠯᠡᠭᠰᠡᠨ ᠴᠠᠭ᠄
2022/4/22
ᠡᠷᠳᠡᠨᠢᠴᠡᠴᠡᠭ᠂ ᠡᠮᠡᠭᠲᠡᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂  ᠲᠠᠶᠢᠹᠤᠰᠧ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠭᠡᠷ ᠤᠨ ᠵᠠᠷᠭᠤ ᠶᠢ ᠰᠢᠭᠦᠨ ᠲᠠᠰᠤᠯᠬᠤ ᠪᠦᠯᠬᠦᠮ ᠤᠨ ᠳᠠᠷᠤᠭ᠎ᠠ᠃ ᠠᠷᠪᠠᠨ ᠲᠤᠯᠤᠭᠠᠨ ᠵᠢᠯ ᠤᠨ ᠲᠤᠷᠰᠢ ᠰᠢᠭᠦᠨ ᠲᠠᠰᠤᠯᠬᠤ ᠠᠵᠢᠯ ᠤᠨ ᠡᠮᠦᠨ᠎ᠡ ᠹᠷᠣᠨᠲ ᠲᠤ  ᠭᠠᠷᠮᠠᠭᠠᠶᠢᠯᠠᠨ ᠠᠵᠢᠯᠯᠠᠭᠠᠳ᠂  ᠵᠠᠷᠭᠤ ᠰᠢᠬᠦᠵᠦ ᠬᠡᠷᠡᠭ ᠰᠢᠢᠳᠪᠦᠷᠢᠯᠡᠬᠦ ᠪᠠᠶᠠᠯᠢᠭ ᠲᠤᠷᠰᠢᠯᠭ᠎ᠠ ᠲᠠᠢ ᠪᠤᠯᠵᠠᠢ᠃ 2021 ᠣᠨ ᠳᠤ ᠭᠡᠷ ᠤᠨ ᠵᠠᠷᠭᠤ  ᠶᠢ ᠰᠢᠭᠦᠨ ᠲᠠᠰᠤᠯᠬᠤ ᠪᠦᠯᠬᠦᠮ ᠪᠠᠶᠢᠭᠤᠯᠤᠭᠳᠠᠬᠤ ᠳᠤ᠂ ᠲᠡᠷᠡᠪᠡᠷ ᠰᠠᠨᠠᠭᠠᠴᠢᠯᠠᠭ᠎ᠠ ᠠᠴᠠ ᠪᠠᠨ ᠬᠦᠨᠳᠦ ᠡᠭᠦᠷᠭᠡ ᠶᠢ ᠡᠬᠦᠷᠭᠡᠯᠡᠨ ᠠᠪᠤᠭᠠᠳ᠂ ᠬᠤᠣᠰ ᠬᠡᠯᠡᠨ ᠤ ᠰᠢᠭᠦᠨ  ᠲᠠᠰᠤᠯᠤᠯᠳᠠ  ᠪᠠ ᠡᠶᠡᠳᠡᠬᠦᠯᠭᠡ ᠶᠢᠨ ᠠᠵᠢᠯ ᠢ ᠬᠢᠭᠰᠡᠭᠡᠷ ᠢᠷᠡᠵᠦ᠂  ᠦᠨᠳᠦᠰᠦᠨ ᠱᠠᠲᠤᠨ ᠤ ᠰᠢᠬᠦᠭᠴᠢ ᠶᠢᠨ ᠲᠥᠪ ᠭᠤᠣᠯᠴᠢ ᠰᠠᠶᠢᠨ ᠰᠠᠶᠢᠬᠠᠨ ᠳᠦᠷᠢ ᠲᠥᠷᠬᠦ ᠶᠢ ᠱᠤᠭᠤᠭᠰᠠᠨ ᠪᠠᠶᠢᠨ᠎ᠠ᠃ ᠡᠶᠡᠳᠡᠬᠦᠯᠦᠨ ᠰᠢᠢᠳᠪᠦᠷᠢᠯᠡᠬᠦ ᠨᠣᠷᠮ᠎ᠠ ᠥᠨᠳᠥᠷ ᠪᠠᠶᠢᠳᠠᠭ ᠨᠢ ᠡᠷᠳᠡᠨᠢᠴᠡᠴᠡᠭ ᠤᠨ ᠬᠡᠷᠡᠭ ᠰᠢᠢᠳᠪᠦᠷᠢᠯᠡᠬᠦ ᠣᠨᠴᠠᠯᠢᠭ  ᠪᠢᠯᠡ᠃ 2019 ᠣᠨ   ᠠᠴᠠ ᠨᠠᠰᠢ᠂  ᠲᠡᠷᠡᠪᠡᠷ ᠣᠷᠤᠭ ᠰᠠᠯᠬᠤ᠂ ᠦᠪ ᠵᠠᠯᠭᠠᠮᠵᠢᠯᠠᠬᠤ᠂ ᠠᠰᠠᠷᠠᠨ ᠲᠡᠵᠢᠭᠡᠬᠦ   ᠵᠡᠷᠭᠡ ᠭᠡᠷ ᠪᠦᠯᠢ ᠶᠢᠨ ᠵᠠᠷᠭᠤ ᠶᠢ 513 ᠬᠤᠪᠢ ᠰᠢᠬᠦᠨ ᠲᠠᠭᠤᠰᠬᠠᠵᠤ᠂   ᠰᠢᠬᠦᠨ ᠲᠠᠭᠤᠰᠬᠠᠭᠰᠠᠨ ᠨᠣᠷᠮ᠎ᠠ 99.31% ᠳᠤ ᠬᠦᠷᠦᠭᠡᠳ᠂  ᠪᠤᠷᠤᠭᠤ ᠲᠠᠰᠤᠯᠤᠭᠰᠠᠨ᠂ ᠲᠠᠬᠢᠵᠤ ᠰᠢᠬᠦᠭᠰᠡᠨ ᠭᠡᠷᠡᠭ ᠨᠢᠬᠡᠴᠦ ᠭᠠᠷᠤᠭᠰᠠᠨ ᠦᠬᠡᠢ ᠪᠠᠶᠢᠯ᠎ᠠ᠃   ᠠᠮᠵᠢᠯᠲᠠ ᠪᠦᠲᠦᠮᠵᠢ ᠶᠢᠨ ᠠᠷᠤ ᠳᠤ ᠠᠤᠭ᠎ᠠ ᠶᠡᠭᠡ ᠴᠢᠷᠮᠠᠶᠢᠯᠭ᠎ᠠ ᠪᠠᠶᠢᠬᠤ ᠯᠠ ᠤᠴᠢᠷᠳᠠᠢ᠃  ᠵᠠᠷᠢᠮ ᠬᠡᠷᠡᠭ ᠢ ᠨᠢᠭᠡ ᠯᠡ ᠳᠡᠭᠡᠷ᠎ᠡ ᠰᠢᠭᠦᠨ ᠲᠠᠰᠤᠯᠬᠤ ᠳᠤ ᠮᠠᠰᠢ ᠬᠢᠯᠪᠠᠷᠬᠠᠨ᠂  ᠭᠡᠪᠡᠴᠦ ᠵᠥᠷᠢᠴᠡᠯ ᠢ ᠨᠢ ᠬᠦᠢᠴᠡᠳ ᠰᠢᠢᠳᠪᠦᠷᠢᠯᠡᠵᠦ ᠴᠢᠳᠠᠭ᠎ᠠ ᠦᠭᠡᠢ ᠪᠣᠯᠬᠤᠷ ᠨᠡᠩ ᠶᠡᠭᠡ ᠵᠥᠷᠢᠴᠡᠯ ᠡᠬᠦᠰᠴᠦ ᠮᠡᠳᠡᠬᠦ ᠶᠤᠮ᠃ ᠡᠶᠢᠮᠦ ᠠᠴᠠ᠂ ᠡᠷᠳᠡᠨᠢᠴᠡᠴᠡᠭ ᠬᠡᠷᠡᠭ ᠰᠢᠢᠳᠪᠦᠷᠢᠯᠡᠬᠦ ᠶᠠᠪᠤᠴᠠ ᠳᠠᠭᠠᠨ ᠲᠤᠭᠤᠷᠠᠳᠠᠯ᠎ᠠ ᠳᠠᠭᠤᠰᠬᠠᠬᠤ ᠢᠲᠡᠭᠡᠯ ᠵᠣᠷᠢᠭ ᠢ ᠪᠠᠷᠢᠮᠳᠠᠯᠠᠨ᠂  ᠡᠶᠡᠳᠡᠬᠦᠯᠭᠡ ᠶᠢ ᠲᠡᠷᠢᠭᠦᠨ ᠳᠤ ᠲᠠᠯᠪᠢᠬᠤ ᠶᠢ ᠴᠢᠩᠭᠠᠳᠬᠠᠵᠤ᠂ ᠰᠢᠭᠦᠯᠲᠡ ᠶᠢᠨ ᠡᠮᠦᠨ᠎ᠡ᠂ ᠰᠢᠭᠦᠯᠲᠡ ᠶᠢᠨ ᠳᠤᠮᠳᠠ ᠪᠠ ᠰᠢᠭᠦᠯᠲᠡ ᠶᠢᠨ ᠳᠠᠷᠠᠭᠠᠬᠢ ᠪᠦᠬᠦ ᠶᠠᠪᠤᠴᠠ   ᠳᠤ ᠡᠶᠡᠳᠡᠬᠦᠯᠬᠡ ᠶᠢᠨ ᠠᠵᠢᠯ ᠢ ᠮᠠᠰᠢ ᠯᠠᠪᠳᠠᠭᠤᠨ ᠪᠤᠯᠭᠤᠮᠵᠢᠳᠠᠢ ᠬᠢᠳᠡᠭ᠃ ᠵᠠᠷᠢᠮ ᠬᠡᠷᠡᠭ ᠢ ᠦᠨᠡᠬᠡᠷ ᠡᠶᠡᠳᠡᠭᠦᠯᠵᠦ ᠳᠡᠶᠢᠯᠬᠦ ᠦᠭᠡᠢ ᠪᠠᠶᠢᠯ᠎ᠠ ᠴᠤ ᠭᠡᠰᠡᠨ᠂ ᠰᠢᠭᠦᠨ ᠲᠠᠰᠤᠯᠤᠭᠰᠠᠨ ᠤ ᠳᠠᠷᠠᠭ᠎ᠠ ᠪᠠᠰᠠ ᠰᠡᠵᠢᠭ ᠢ ᠠᠯᠳᠠᠷᠠᠭᠠᠵᠤ ᠮᠠᠳᠠᠭ ᠢ ᠰᠢᠢᠳᠪᠦᠷᠢᠯᠡᠬᠦ ᠠᠵᠢᠯ ᠢ ᠰᠠᠶᠢᠨ ᠬᠢᠵᠦ᠂ ᠵᠥᠷᠢᠴᠡᠯ ᠢ ᠠᠯᠢ ᠴᠢᠳᠠᠬᠤ ᠪᠠᠷ  ᠠᠷᠢᠯᠭᠠᠳᠠᠭ᠃ ᠬᠡᠷᠡᠭ ᠰᠢᠢᠳᠪᠦᠷᠢᠯᠡᠬᠦ ᠦᠢᠯᠡᠳᠦᠯᠭᠡ ᠶᠢᠨ ᠳᠤᠮᠳᠠ᠂  ᠲᠡᠷᠡᠪᠡᠷ ᠲᠤᠷᠰᠢᠯᠭ᠎ᠠ ᠪᠠᠨ ᠳ᠋ᠦᠩᠨᠡᠬᠦ ᠶᠢ ᠲᠤᠶᠢᠯ ᠢᠶᠠᠷ ᠴᠢᠬᠤᠯᠠᠴᠢᠯᠠᠵᠤ᠂ ︽ᠵᠢᠱᠢᠶ᠎ᠡ ᠲᠠᠲᠠᠵᠤ ᠰᠤᠷᠭᠠᠨ ᠬᠥᠮᠥᠵᠢᠭᠦᠯᠬᠦ ᠠᠷᠭ᠎ᠠ︾᠂ ︽ᠬᠥᠷᠥᠭᠡᠵᠦ ᠰᠢᠢᠳᠪᠦᠷᠢᠯᠡᠬᠦ ᠠᠷᠭ᠎ᠠ︾᠂ ︽ᠪᠢᠲᠡᠭᠦᠦ ᠪᠠᠷ ᠳᠣᠬᠢᠵᠤ ᠰᠡᠩᠬᠡᠷᠡᠭᠦᠯᠬᠦ ᠠᠷᠭ᠎ᠠ︾᠂ ︽ᠶᠣᠰᠣ ᠤᠴᠢᠷ ᠢ ᠤᠶᠠᠯᠳᠤᠭᠤᠯᠬᠤ ᠠᠷᠭ᠎ᠠ︾᠂ ︽ᠲᠦᠷᠦᠯ ᠰᠠᠳᠤᠨ ᠨᠠᠶᠢᠵᠠ ᠨᠥᠬᠦᠳ ᠢᠶᠠᠷ ᠨᠢ ᠢᠳᠬᠠᠭᠤᠯᠵᠤ ᠵᠢᠯᠤᠭᠤᠳᠤᠭᠤᠯᠬᠤ ᠠᠷᠭ᠎ᠠ︾ ᠵᠡᠷᠭᠡ ᠨᠢᠭᠡᠨ ᠢᠵᠢ ᠪᠦᠲᠦᠮᠵᠢᠲᠡᠶ ᠡᠶᠡᠳᠡᠭᠦᠯᠭᠡ ᠶᠢᠨ ᠠᠷᠭ᠎ᠠ ᠶᠢ ᠰᠦᠪᠡᠭᠴᠢᠯᠡᠨ  ᠭᠠᠷᠭᠠᠭᠠᠳ᠂ ᠲᠤᠬᠠᠢ ᠶᠢᠨ ᠬᠥᠮᠥᠨ ᠤ ᠰᠡᠳᠬᠢᠯ ᠤᠨ ᠵᠠᠩᠭᠢᠷᠠᠭ᠎ᠠ ᠶᠢ ᠲᠠᠶᠢᠯᠵᠤ᠂ ᠰᠡᠳᠬᠢᠯ ᠰᠠᠨᠠᠭ᠎ᠠ ᠶᠢ ᠨᠢ ᠲᠠᠶᠢᠪᠤᠰᠢᠷᠠᠭᠤᠯᠤᠨ᠂ ᠪᠦᠳᠦᠮᠵᠢᠳᠡᠢ ᠡᠶᠡᠳᠡᠬᠦᠯᠬᠦ ᠵᠤᠷᠢᠯᠳᠠ ᠳᠠᠭᠠᠨ ᠬᠦᠷᠳᠡᠭ  ᠃ ᠬᠡᠳᠦᠶᠢᠪᠡᠷ ᠤᠳᠠᠭ᠎ᠠ ᠪᠦᠷᠢ ᠬᠤᠭᠤᠯᠠᠢ ᠠᠮᠠ   ᠪᠠᠨ ᠬᠠᠳᠠᠳᠠᠯ᠎ᠠ ᠶᠠᠷᠢᠬᠤ ᠪᠣᠯᠪᠠᠴᠤ᠂ ᠡᠶᠡᠳᠡᠭᠦᠯᠭᠡ ᠪᠦᠳᠦᠭᠡᠳ ᠴᠦᠬᠦᠷᠡᠰᠢ ᠦᠬᠡᠢ ᠴᠢᠷᠮᠠᠶᠢᠯᠭ᠎ᠠ  ᠨᠢ ᠠᠮᠵᠢᠯᠳᠠ ᠤᠯᠬᠤ ᠦᠶᠡᠰ ᠲᠡᠬᠦᠨ ᠤ ᠰᠡᠳᠬᠢᠯ  ᠨᠢᠬᠡ ᠠᠭᠤᠵᠢᠷᠠᠵᠤ  ᠰᠠᠨᠠᠭ᠎ᠠ  ᠨᠢᠬᠡ ᠠᠮᠠᠷᠠᠳᠠᠭ ᠪᠠᠶᠢᠯ᠎ᠠ᠃     ᠲᠤᠬᠠᠢ ᠶᠢᠨ ᠦᠶ᠎ᠡ ᠳᠤ ᠰᠢᠬᠦᠬᠦ ᠬᠤᠷᠢᠶᠠᠨ ᠤ ᠴᠣᠷ ᠤᠨ ᠭᠠᠭᠴᠠ ᠬᠤᠣᠰ ᠬᠡᠯᠡ ᠳᠤ ᠨᠡᠪᠳᠡᠷᠡᠭᠰᠡᠨ ᠰᠢᠬᠦᠭᠴᠢ ᠪᠣᠯᠤᠭᠰᠠᠨ ᠤ ᠬᠤᠪᠢ ᠳᠤ᠂  ᠪᠥᠬᠦ ᠬᠤᠷᠢᠶᠠᠨ ᠤ ᠮᠣᠩᠭᠤᠯ ᠬᠡᠯᠡᠨ ᠤ ᠵᠠᠷᠭᠤ   ᠶᠢ ᠡᠷᠳᠡᠨᠢᠴᠡᠴᠡᠭ ᠭᠠᠭᠴᠠᠭᠠᠷ ᠢᠶᠠᠨ ᠬᠠᠷᠢᠭᠤᠴᠠᠨ  ᠰᠢᠢᠳᠪᠦᠷᠢᠯᠡᠳᠡᠭ᠃  ᠲᠤᠬᠠᠢ ᠶᠢᠨ ᠬᠥᠮᠥᠨ ᠨᠢ ᠰᠢᠭᠦᠬᠦ ᠬᠤᠷᠢᠶᠠᠨ ᠳᠤ ᠢᠷᠡᠬᠦ ᠳᠤ ᠳᠥᠭᠦᠮ ᠦᠭᠡᠢ ᠪᠣᠯ  ᠂ ᠪᠡᠶ᠎ᠡ ᠪᠠᠷ ᠢᠶᠠᠨ ᠭᠡᠷ ᠲᠤ ᠣᠴᠢᠵᠤ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠳᠥᠭᠦᠮ ᠳᠥᠲᠡ᠂ ᠥᠨᠳᠥᠷ ᠪᠦᠲᠦᠮᠵᠢᠲᠡᠶ᠂ ᠲᠥᠪ ᠭᠤᠣᠯᠴᠢ ᠵᠠᠷᠭᠤ ᠶᠢᠨ ᠦᠢᠯᠡᠴᠢᠯᠡᠭᠡ ᠬᠠᠩᠭᠠᠨ᠎ᠠ  ᠃  ᠲᠡᠬᠦᠨ ᠤ ᠬᠡᠯᠡᠬᠦ ᠪᠠᠷ ︽ᠬᠡᠷᠡᠭ ᠰᠢᠢᠳᠪᠦᠷᠢᠯᠡᠬᠦ ᠳᠡᠭᠡᠨ ᠬᠥᠮᠥᠨ ᠢ ᠪᠢᠰᠢᠷᠡᠭᠦᠯᠬᠦ ᠭᠡᠷᠡᠭᠳᠡᠢ᠂  ᠲᠡᠭᠡᠬᠦ ᠳᠡᠭᠡᠨ ᠨᠡᠩ  ᠢᠯᠡᠬᠦᠦ  ᠦᠨᠡᠨᠴᠢ ᠰᠡᠳᠬᠢᠯ ᠪᠠ ᠲᠡᠰᠪᠦᠷᠢ ᠲᠡᠪᠴᠢᠶᠡᠷᠢ᠂ ᠤᠶᠤᠨ ᠴᠢᠳᠠᠯ ᠪᠠ ᠴᠠᠭ ᠮᠦᠴᠡ ᠵᠠᠷᠤᠴᠠᠭᠤᠯᠬᠤ ᠬᠡᠷᠡᠭᠲᠡᠢ᠂ ᠪᠢᠳᠡ ᠨᠢᠭᠡ ᠰᠡᠳᠬᠢᠯ ᠢᠶᠠᠷ ᠲᠤᠬᠠᠢ ᠶᠢᠨ ᠬᠥᠮᠥᠨ ᠤ ᠲᠥᠯᠥᠭᠡ ᠪᠣᠳᠣᠯᠬᠢᠯᠠᠪᠠᠯ᠂ ᠲᠤᠬᠠᠢ ᠶᠢᠨ ᠬᠥᠮᠥᠨ ᠤ ᠠᠵᠢᠯ ᠢ ᠬᠢᠬᠦ   ᠳᠤ ᠴᠤ ᠠᠮᠠᠷᠬᠠᠨ ᠪᠤᠯᠤᠨ᠎ᠠ᠂ ᠬᠥᠮᠥᠨ ᠬᠥᠮᠥᠨ ᠬᠠᠷᠢᠯᠴᠠᠨ ᠬᠠᠯᠠᠮᠵᠢᠯᠠᠵᠤ ᠬᠠᠷᠢᠯᠴᠠᠨ  ᠤᠶᠢᠯᠠᠭᠠᠯᠴᠠᠬᠤ ᠨᠢ ᠴᠢᠬᠤᠯᠠ︾ ᠬᠡᠨ᠎ᠡ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ   ᠢ ᠬᠡᠷᠡᠭᠯᠡᠬᠦ ᠠᠵᠢᠯ ᠢ ᠠᠬᠢᠭᠤᠯᠬᠤ ᠶᠠᠪᠤᠴᠠ ᠳᠤ ᠲᠡᠷᠡᠪᠡᠷ  ᠮᠠᠯᠵᠢᠬᠤ ᠣᠷᠣᠨ ᠳᠤ  ᠬᠦᠨᠵᠡᠬᠡᠶᠢᠷᠡᠵᠦ᠂ ᠡᠷᠦᠬᠡ ᠳᠠᠷᠠᠭᠠᠯᠠᠨ ᠲᠥᠷᠥ ᠶᠢᠨ ᠪᠣᠳᠣᠯᠭ᠎ᠠ   ᠶᠢ ᠲᠠᠶᠢᠯᠪᠤᠷᠢᠯᠠᠵᠤ᠂ ᠴᠥᠭᠡᠨ ᠲᠣᠭᠠᠲᠤ ᠦᠨᠳᠦᠰᠦᠲᠡᠨ ᠤ  ᠺᠠᠳ᠋ᠷ ᠤᠨ ᠣᠯᠠᠨ ᠲᠦᠮᠡᠨ ᠲᠠᠢ ᠬᠠᠷᠢᠯᠴᠠᠬᠤ᠂ ᠡᠶ᠎ᠡ ᠵᠣᠬᠢᠴᠠᠯ   ᠢ ᠠᠬᠢᠭᠤᠯᠬᠤ ᠲᠠᠯ᠎ᠠ ᠪᠠᠷ ᠬᠢ ᠢᠳᠡᠪᠬᠢᠲᠡᠢ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ  ᠠᠬᠢᠭᠤᠯᠬᠤ ᠳᠤ ᠪᠠᠲᠤ ᠴᠢᠩᠭ᠎ᠠ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠪᠠ᠃    ᠡᠷᠳᠡᠨᠢᠴᠡᠴᠡᠭ ᠤᠨ ᠰᠢᠭᠦᠬᠦ ᠬᠤᠷᠢᠶᠠᠨ ᠳᠤ ᠠᠵᠢᠯᠯᠠᠭᠰᠠᠨ ᠠᠷᠪᠠᠨ ᠲᠤᠯᠤᠭᠠᠨ ᠵᠢᠯ ᠪᠣᠯ ᠬᠦᠴᠢᠷ ᠪᠡᠷᠬᠡᠰᠢᠶᠡᠯ ᠢ ᠲᠤᠭᠤᠯᠤᠨ ᠤᠷᠤᠭᠰᠢᠯᠠᠭᠰᠠᠨ ᠠᠷᠪᠠᠨ ᠲᠤᠯᠤᠭᠠᠨ ᠵᠢᠯ᠂ ᠠᠵᠢᠯᠴᠢ ᠬᠢᠴᠢᠶᠡᠩᠭᠦᠢ ᠪᠠᠷ ᠠᠷᠠᠳ ᠲᠦᠮᠡᠨ ᠳᠤ ᠦᠢᠯᠡᠴᠢᠯᠡᠭᠰᠡᠨ ᠠᠷᠪᠠᠨ ᠲᠤᠯᠤᠭᠠᠨ ᠵᠢᠯ  ᠶᠤᠮ ᠁ ᠴᠠᠭ ᠮᠥᠴᠡ ᠤᠯᠠᠷᠢᠵᠤ  ᠵᠠᠯᠠᠭᠤ ᠨᠠᠰᠤ ᠤᠳᠤᠭᠰᠠᠨ ᠪᠣᠯᠪᠠᠴᠤ ᠲᠡᠭᠦᠨ ᠤ ᠬᠠᠤᠯᠢ ᠴᠠᠭᠠᠵᠠ ᠶᠢᠨ ᠦᠢᠯᠡᠰ ᠢᠶᠠᠨ ᠭᠡᠰᠡᠨ ᠬᠠᠯᠠᠭᠤᠨ ᠰᠡᠳᠬᠢᠯ ᠭᠡᠪ ᠢᠶᠠᠷ ᠢᠶᠠᠨ᠃ ᠡᠷᠳᠡᠨᠢᠴᠡᠴᠡᠭ ᠪᠠᠰᠠᠯᠠ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠭᠤᠨ ᠰᠡᠳᠬᠢᠯ ᠢᠶᠠᠷ ᠴᠢᠷᠮᠠᠶᠢᠨ ᠠᠵᠢᠯᠯᠠᠵᠤ᠂  ᠬᠠᠤᠯᠢ ᠶᠢᠨ ᠲᠡᠩᠨᠡᠭᠦᠷ  ᠢ ᠴᠢᠩᠭ᠎ᠠ ᠠᠳᠬᠤᠨ᠂  ᠲᠥᠪ ᠭᠤᠣᠯᠴᠢ ᠪᠠᠷ ᠬᠠᠤᠯᠢ ᠭᠡᠷᠡᠭᠵᠢᠬᠦᠯᠵᠦ᠂ ᠬᠠᠤᠯᠢ ᠶᠢᠨ ᠠᠵᠢᠯᠳᠠᠨ ᠤ ᠡᠭᠦᠷᠭᠡ ᠬᠠᠷᠢᠭᠤᠴᠠᠯᠭ᠎ᠠ  ᠪᠠᠨ ᠠᠮᠵᠢᠯᠳᠠ ᠵᠢᠳᠬᠦᠯ ᠢᠶᠠᠷ ᠪᠢᠴᠢᠭᠯᠡᠵᠦ ᠶᠠᠪᠤᠨᠠᠮ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号