ᠬᠤᠳᠠ ᠬᠦᠳᠡᠭᠡ  ᠪᠠᠨ ᠨᠤᠭᠤᠭᠠᠷᠠᠭᠤᠯᠵᠤ  ᠬᠤᠰᠢᠭᠤ ᠨᠤᠳᠤᠭ ᠢᠶᠠᠨ ᠭᠤᠶᠤᠵᠢᠭᠤᠯᠤᠨ᠎ᠠ
ᠨᠡᠶᠢᠲᠡᠯᠡᠭᠰᠡᠨ ᠴᠠᠭ᠄
2022/4/22
   ᠲᠦᠮᠡᠨ ᠪᠤᠳᠠᠰ ᠠᠮᠢᠯᠠᠭᠰᠠᠨ ᠲᠦᠯᠵᠢᠬᠦ ᠬᠠᠪᠤᠷ ᠤᠨ ᠤᠯᠠᠷᠢᠯ ᠳᠤ᠂  ᠲᠠᠶᠢᠹᠤᠰᠧ ᠬᠤᠰᠢᠭᠤᠨ ᠤ ᠬᠢᠨ  ᠬᠠᠪᠤᠷ ᠤᠨ ᠤᠯᠠᠷᠢᠯ ᠤᠨ ᠮᠤᠳᠤ ᠲᠠᠷᠢᠬᠤ ᠠᠰᠢᠭᠲᠠᠢ ᠴᠠᠭ ᠲᠣᠬᠢᠶᠠᠯ ᠢ ᠡᠵᠡᠮᠳᠡᠨ᠂ ᠬᠤᠲᠠ ᠬᠥᠳᠡᠭᠡ ᠶᠢᠨ ᠨᠣᠭᠤᠭᠠᠷᠠᠭᠤᠯᠤᠯᠲᠠ ᠶᠢᠨ ᠠᠵᠢᠯ ᠢ ᠶᠡᠬᠡᠪᠡᠷ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠬᠡᠵᠢᠬᠦᠯᠵᠦ᠂ ᠦᠵᠡᠰᠬᠦᠯᠡᠩᠲᠦ ᠰᠠᠶᠢᠬᠠᠨ ᠬᠤᠲᠠ ᠬᠥᠳᠡᠭᠡ ᠶᠢᠨ ᠪᠠᠶᠢᠭᠤᠯᠤᠯᠲᠠ ᠳᠤ ᠥᠩᠭᠡ ᠪᠤᠳᠤᠭ ᠨᠡᠮᠡᠷᠢᠯᠡᠨ᠎ᠡ᠃        ᠪᠤᠤᠴᠠᠩ ᠪᠠᠯᠭᠠᠰᠤᠨ ᠤ ᠪᠠᠷᠠᠭᠤᠨ  ᠲᠣᠭᠤᠷᠢᠯ ᠵᠠᠮ ᠤᠨ ᠬᠠᠵᠠᠭᠤ ᠳᠤ᠂  ᠮᠤᠳᠤ ᠲᠠᠷᠢᠬᠤ ᠠᠵᠢᠯᠴᠢᠳ ᠬᠤᠶᠠᠷ  ᠭᠤᠷᠪᠠ ᠪᠠᠷ ᠢᠶᠠᠨ ᠨᠢᠭᠡ ᠳᠤᠭᠤᠶᠢᠯᠠᠩ  ᠪᠤᠯᠵᠤ᠂  ᠨᠦᠬᠡ ᠮᠠᠯᠳᠠᠬᠤ᠂ ᠴᠢᠬᠢ ᠰᠠᠭᠤᠯᠭᠠᠬᠤ᠂  ᠰᠢᠷᠤᠢ ᠲᠦᠬᠦᠷᠭᠡᠬᠦ  ᠂  ᠤᠰᠤ ᠵᠦᠬᠡᠬᠡᠬᠦ᠂᠂᠂ ᠬᠤᠪᠢ ᠬᠤᠪᠢᠨ ᠤ ᠠᠵᠢᠯ ᠳᠠᠭᠠᠨ ᠶᠠᠭᠠᠷᠠᠯᠳᠤᠨ᠎ᠠ᠃ ᠬᠤᠲᠠ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠪᠣᠯ  ᠲᠠᠶᠢᠹᠤᠰᠧ ᠬᠤᠰᠢᠭᠤᠨ ᠤ ᠬᠦᠴᠦᠯᠡᠨ ᠭᠡᠷᠡᠭᠵᠢᠬᠦᠯᠬᠦ ᠪᠠᠷ ᠪᠠᠶᠢᠭ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ  ᠶᠤᠮ᠃ ᠣᠶᠢᠯᠠᠭᠠᠭᠰᠠᠨ ᠢᠶᠠᠷ᠂ ᠡᠨᠡ ᠵᠢᠯ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ  ᠨᠢ 4 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ  ᠡᠬᠢᠯᠡᠭᠡᠳ᠂ 5 ᠰᠠᠷ᠎ᠠ ᠶᠢᠨ ᠳᠤᠮᠳᠠᠴᠢ ᠪᠣᠯᠲᠠᠯ᠎ᠠ ᠲᠧᠩ ᠹᠧᠢ ᠵᠠᠮ᠂ ᠪᠠᠷᠠᠭᠤᠨ ᠲᠤᠭᠤᠷᠢᠯ ᠵᠠᠮ᠂  ᠬᠦᠸᠧ ᠹᠠᠩ ᠵᠠᠮ ᠵᠡᠷᠭᠡ 39200  ᠬᠠᠪᠳᠠᠭᠠᠢ ᠳᠥᠷᠪᠡᠯᠵᠢᠨ ᠮᠧᠲᠷ ᠲᠠᠯᠠᠪᠠᠢ ᠶᠢ ᠲᠠᠷᠢᠵᠤ ᠨᠤᠭᠤᠭᠠᠷᠠᠭᠤᠯᠬᠤ ᠶᠢᠨ ᠬᠠᠮᠳᠤ᠂ ︽207︾  ᠵᠠᠮ ᠤᠨ ᠬᠤᠶᠠᠷ ᠬᠠᠵᠠᠭᠤ᠂ ᠴᠠᠬᠠᠷ ᠵᠡᠭᠡᠯᠢ᠂ ᠢ ᠮᠢᠨ ᠭᠤᠳᠤᠮᠵᠢ᠂ ᠮᠢᠨ ᠱᠧᠩ ᠭᠤᠳᠤᠮᠵᠢ ᠳᠤ  ᠨᠠᠷᠠᠰᠤ᠂ ᠤᠯᠢᠶᠠᠰᠤ᠂  ᠪᠣᠷᠣ ᠨᠠᠪᠴᠢᠲᠤ ᠤᠯᠠᠭᠠᠨ ᠭᠦᠢᠯᠡᠰᠦ᠂ ᠭᠤᠣᠯᠲᠤ ᠪᠣᠷᠣ᠂ ᠠᠯᠲᠠᠨ ᠨᠠᠪᠴᠢᠲᠤ ᠬᠠᠶᠢᠯᠠᠰᠤ ᠵᠡᠷᠭᠡ ᠮᠣᠳᠣᠨ ᠤ ᠲᠥᠷᠥᠯ ᠢ ᠨᠥᠬᠦᠵᠦ  ᠲᠠᠷᠢᠬᠤ ᠪᠠᠷ ᠲᠦᠯᠦᠪᠯᠡᠵᠦ᠂ ᠬᠤᠲᠠ ᠶᠢᠨ ᠠᠮᠢ ᠠᠬᠤᠢ ᠶᠢᠨ ᠦᠵᠡᠮᠵᠢ ᠶᠢ ᠤᠯᠠᠮ ᠭᠤᠶᠤᠵᠢᠭᠤᠯᠤᠨ᠂ ᠪᠣᠯᠪᠠᠰᠤᠨ ᠬᠤᠲᠠ ᠶᠢᠨ ᠪᠠᠶᠢᠭᠤᠯᠤᠯᠲᠠ ᠶᠢ ᠠᠬᠢᠭᠤᠯᠵᠤ᠂ ᠥᠩᠭᠡ ᠦᠵᠡᠮᠵᠢ ᠰᠠᠶᠢᠬᠠᠨ ᠂ ᠣᠷᠣᠰᠢᠨ ᠰᠠᠭᠤᠬᠤ ᠳᠤ ᠲᠣᠬᠢᠷᠠᠮᠵᠢᠲᠠᠢ᠂  ᠰᠡᠯᠡᠬᠦᠴᠡᠨ ᠵᠤᠭᠠᠴᠠᠬᠤ ᠳᠤ  ᠲᠠᠭᠠᠯᠠᠮᠵᠢᠳᠠᠢ ᠬᠤᠲᠠ ᠪᠠᠯᠭᠠᠰᠤ ᠶᠢ ᠪᠠᠶᠢᠭᠤᠯᠬᠤ ᠪᠠᠷ ᠪᠠᠶᠢᠨ᠎ᠠ  ᠃    ᠬᠠᠪᠤᠷ ᠤᠨ ᠤᠯᠠᠷᠢᠯ ᠤᠨ ᠠᠰᠢᠭᠲᠠᠢ ᠴᠠᠭ ᠲᠣᠬᠢᠶᠠᠯ ᠢ ᠠᠮᠵᠢᠬᠤ ᠶᠢᠨ ᠲᠥᠯᠥᠭᠡ᠂  ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤᠯᠠᠨ ᠠᠷᠭ᠎ᠠ  ᠶᠢ ᠵᠡᠷᠭᠡᠪᠡᠷ ᠭᠡᠷᠡᠭᠵᠢᠬᠦᠯᠦᠨ  ᠂  ᠡᠷᠳᠡ ᠠᠴᠠ ᠲᠦᠯᠦᠪᠵᠢᠬᠦᠯᠵᠦ᠂ ᠡᠷᠲᠡ ᠠᠴᠠ ᠬᠦᠳᠡᠯᠦᠯᠴᠡᠨ᠂  ᠠᠵᠢᠯ ᠤᠨ ᠪᠠᠷᠢᠮᠵᠢᠶ᠎ᠠ ᠶᠢ ᠴᠢᠩᠭᠠᠳᠬᠠᠵᠤ᠂  ᠴᠢᠬᠢ ᠮᠣᠳᠣ ᠶᠢ ᠰᠢᠯᠭᠠᠨ ᠪᠠᠶᠢᠴᠠᠭᠠᠬᠤ ᠪᠣᠭᠤᠮᠲᠠ᠂  ᠵᠠᠶᠢᠯᠠᠵᠤ ᠰᠠᠭᠤᠯᠭᠠᠬᠤ ᠪᠣᠭᠤᠮᠲᠠ᠂ ᠲᠠᠷᠢᠭᠰᠠᠨ ᠤ ᠳᠠᠷᠠᠭᠠᠬᠢ ᠬᠠᠮᠢᠶᠠᠷᠤᠯᠲᠠ ᠶᠢᠨ ᠪᠣᠭᠤᠮᠲᠠ ᠶᠢ ᠦᠨᠡᠨᠬᠦ ᠴᠢᠩᠭ᠎ᠠ  ᠰᠠᠬᠢᠨ  ᠂  ᠮᠤᠳᠤ ᠲᠠᠷᠢᠬᠤ ᠠᠵᠢᠯ ᠢ ᠪᠦᠬᠦ ᠬᠦᠴᠦᠨ ᠪᠦᠬᠦ ᠬᠤᠷᠳᠤ ᠪᠠᠷ ᠠᠬᠢᠭᠤᠯᠵᠤ᠂  ᠨᠢᠭᠡ  ᠰᠠᠭᠤᠷᠢ ᠲᠠᠷᠢᠪᠠᠯ ᠨᠢᠭᠡ ᠰᠠᠭᠤᠷᠢ ᠶᠢ ᠤᠷᠭᠤᠭᠤᠯᠬᠤ᠂ ᠨᠢᠭᠡ ᠬᠡᠰᠡᠭ ᠲᠠᠷᠢᠪᠠᠯ ᠨᠢᠭᠡ ᠬᠡᠰᠡᠭ ᠢ ᠨᠣᠭᠤᠭᠠᠷᠠᠭᠤᠯᠬᠤ ᠶᠢ  ᠪᠠᠳᠤᠯᠠᠵᠤ ᠪᠠᠶᠢᠨ᠎ᠠ᠃  ᠡᠭᠦᠨ ᠤ ᠬᠠᠮᠲᠤ  ᠂ ᠥᠷᠭᠡᠨ ᠣᠯᠠᠨ ᠠᠷᠠᠳ ᠢᠷᠭᠡᠳ   ᠢ  ᠠᠮᠢ ᠠᠬᠤᠢ ᠪᠠᠶᠢᠭᠠᠯᠢ ᠤᠷᠴᠢᠨ ᠢᠶᠠᠨ ᠠᠯᠠᠭ ᠨᠢᠳᠦ ᠪᠠᠨ ᠠᠳᠠᠯᠢ ᠬᠠᠮᠠᠭᠠᠯᠠᠵᠤ᠂  ᠪᠦᠬᠦ ᠠᠷᠠᠳ ᠢᠶᠠᠷ ᠢᠶᠠᠨ ᠨᠤᠭᠤᠭᠠᠷᠠᠭᠤᠯᠤᠯᠳᠠ ᠶᠢᠨ ᠠᠵᠢᠯᠯᠠᠭ᠎ᠠ ᠳᠤ ᠢᠳᠡᠪᠬᠢᠳᠡᠢ ᠤᠷᠤᠯᠴᠠᠬᠤ ᠶᠢ  ᠤᠷᠢᠶᠠᠯᠠᠨ᠂  ᠬᠥᠮᠥᠨ ᠪᠠᠶᠢᠭᠠᠯᠢ ᠡᠶ᠎ᠡ ᠵᠤᠬᠢᠴᠠᠯ ᠲᠠᠢ ᠦᠵᠡᠰᠬᠦᠯᠡᠩᠳᠦ ᠪᠤᠯᠪᠠᠰᠤᠨ ᠲᠠᠶᠢᠹᠤᠰᠧ ᠬᠤᠰᠢᠭᠤ ᠶᠢ ᠪᠠᠶᠢᠭᠤᠯᠬᠤ ᠪᠠᠷ ᠴᠢᠷᠮᠠᠶᠢᠵᠤ ᠪᠠᠶᠢᠨᠠᠮ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号