ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/25

  ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠴᠢᠨᠠᠭᠰᠢᠳᠠ ᠰᠠᠶᠢᠲᠤᠷ

ᠠᠳᠬᠤᠵᠤ ᠠᠮᠤ ᠪᠤᠳᠠᠭᠠᠨ ᠤ ᠡᠯᠪᠡᠭ ᠬᠤᠷᠢᠶᠠᠯᠲᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ

ᠬᠠᠩᠭᠠᠯᠭ᠎ᠠ ᠶᠢ ᠪᠠᠲᠤᠯᠠᠬᠤ ᠲᠤᠬᠠᠢ ᠪᠠᠶᠢᠷᠢᠯᠠᠭᠤᠯᠪᠠ

  ᠡᠨᠧᠷᠭᠢ ᠶᠢᠨ ᠬᠠᠩᠭᠠᠯᠭ᠎ᠠ ᠶᠢ ᠪᠠᠲᠤᠯᠠᠵᠤ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ ᠡᠨᠧᠷᠭᠢ ᠶᠢᠨ ᠠᠵᠤ ᠠᠬᠤᠶ

ᠨᠡᠶᠢᠭᠡᠮ ᠤᠨ ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ

  ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 20 ᠤ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ

ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 4 ᠰᠠᠷ᠎ᠠ ᠶᠢᠨ 20 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ

ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ

ᠠᠷᠭ᠎ᠠ ᠬᠡᠮᠵᠢᠶ᠎ᠡ ᠶᠢ ᠴᠢᠨᠠᠭᠰᠢᠳᠠ ᠰᠠᠶᠢᠲᠤᠷ ᠠᠳᠬᠤᠵᠤ᠂ ᠠᠮᠤ ᠪᠤᠳᠠᠭᠠᠨ ᠤ ᠡᠯᠪᠡᠭ ᠬᠤᠷᠢᠶᠠᠯᠲᠠ ᠪᠠ ᠴᠢᠬᠤᠯᠠ

ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠬᠠᠩᠭᠠᠯᠭ᠎ᠠ ᠶᠢ ᠪᠠᠲᠤᠯᠠᠬᠤ ᠲᠤᠬᠠᠢ ᠪᠠᠶᠢᠷᠢᠯᠠᠭᠤᠯᠪᠠ︔ ᠡᠨᠧᠷᠭᠢ ᠶᠢᠨ

ᠬᠠᠩᠭᠠᠯᠭ᠎ᠠ ᠶᠢ ᠪᠠᠲᠤᠯᠠᠵᠤ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠡᠨᠧᠷᠭᠢ ᠶᠢᠨ ᠠᠵᠤ ᠠᠬᠤᠶ ᠨᠡᠶᠢᠭᠡᠮ ᠤᠨ

ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ ᠭᠡᠪᠡ᠃

  ᠬᠤᠷᠠᠯ ᠠᠴᠠ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠪᠣᠯ

ᠴᠦᠮ ᠠᠵᠤ ᠠᠬᠤᠢ ᠶᠢᠨ ᠡᠷᠭᠢᠯᠲᠡ ᠶᠢ ᠵᠣᠬᠢᠰᠲᠠᠢ ᠬᠡᠪᠴᠢᠶᠡᠨ ᠳᠤ ᠪᠠᠶᠢᠯᠭᠠᠬᠤ ᠭᠤᠣᠯ ᠲᠤᠯᠭᠠᠭᠤᠷᠢᠯᠠᠯ ᠪᠣᠯᠤᠨ᠎ᠠ᠃ ᠠᠮᠤ

ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠬᠠᠩᠭᠠᠯᠭ᠎ᠠ ᠶᠢ ᠲᠣᠭᠲᠠᠪᠤᠷᠢᠵᠢᠭᠤᠯᠬᠤ ᠨᠢ

ᠠᠵᠤ ᠠᠬᠤᠢ ᠨᠡᠶᠢᠭᠡᠮ ᠤᠨ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠢᠯᠠᠩᠭᠤᠶ᠎ᠠ ᠪᠠᠷᠠᠭᠠᠨ ᠤ ᠦᠨ᠎ᠡ ᠶᠢ ᠲᠣᠭᠲᠠᠭᠤᠨ

ᠪᠠᠶᠢᠯᠭᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠳᠤ ᠬᠦᠨᠳᠦ ᠴᠢᠬᠤᠯᠠ ᠦᠢᠯᠡᠳᠦᠯ ᠲᠠᠢ ᠪᠠᠶᠢᠵᠤ᠂ ᠣᠳᠣᠬᠠᠨ ᠤ ᠤᠯᠠᠨ

ᠤᠯᠤᠰ ᠤᠨ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠲᠣᠭᠲᠠᠭᠠᠯᠲᠤ ᠪᠤᠰᠤ ᠴᠢᠨᠠᠷ ᠨᠡᠮᠡᠭᠳᠡᠵᠦ᠂ ᠵᠠᠷᠢᠮ ᠤᠯᠤᠰ ᠤᠨ

ᠵᠣᠭᠤᠰ ᠶᠡᠭᠡ ᠪᠠᠷ ᠮᠠᠭᠤᠳᠠᠬᠤ ᠪᠠᠶᠢᠳᠠᠯ ᠳᠣᠣᠷ᠎ᠠ ᠨᠡᠩ ᠴᠤ ᠴᠢᠬᠤᠯᠠ ᠪᠠᠶᠢᠳᠠᠭ᠃ ᠮᠠᠨ ᠤ ᠤᠯᠤᠰ ᠤᠨ ᠠᠮᠤ ᠪᠤᠳᠠᠭᠠᠨ ᠤ

ᠬᠠᠩᠭᠠᠯᠭ᠎ᠠ ᠪᠠ ᠨᠥᠭᠡᠴᠡ ᠭᠦᠢᠴᠡᠳ ᠪᠠᠶᠢᠵᠤ᠂ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠯᠠᠪᠳᠠᠭᠤᠨ ᠢᠶᠠᠷ ᠥᠷᠨᠢᠵᠦ᠂

ᠠᠮᠤ ᠪᠤᠳᠠᠭᠠᠨ ᠤ ᠠᠮᠤᠷ ᠲᠦᠪᠰᠢᠨ ᠪᠠᠲᠤᠯᠠᠭ᠎ᠠ ᠲᠠᠢ ᠪᠠᠶᠢᠨ᠎ᠠ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ

ᠬᠤᠷᠢᠶᠠᠨ ᠤ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠠᠪᠤᠷ ᠤᠨ ᠲᠠᠷᠢᠶᠠᠯᠠᠩ ᠤᠨ ᠦᠢᠯᠡᠳᠪᠦᠷᠢᠯᠡᠯ ᠢ ᠭᠦᠨᠵᠡᠭᠡᠢ

ᠰᠠᠶᠢᠲᠤᠷ ᠠᠳᠬᠤᠵᠤ᠂ ᠪᠦᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠪᠠᠲᠤᠯᠠᠬᠤ ᠬᠡᠷᠡᠭᠲᠡᠢ᠃ ᠨᠢᠭᠡ ᠳᠤ

ᠪᠦᠬᠦ ᠵᠢᠯ ᠤᠨ ᠠᠮᠤ ᠪᠤᠳᠠᠭ᠎ᠠ ᠲᠠᠷᠢᠬᠤ ᠲᠠᠯᠠᠪᠠᠶ ᠪᠣᠯᠤᠨ ᠤᠨᠠᠯᠲᠠ ᠶᠢ ᠱᠠᠲᠤ ᠱᠠᠲᠤ ᠪᠠᠷ ᠨᠠᠷᠢᠯᠢᠭ ᠬᠤᠪᠢᠶᠠᠷᠢᠯᠠᠵᠤ᠂

ᠣᠷᠣᠨ ᠨᠤᠲᠤᠭ ᠤᠨ ᠬᠢᠨ ᠢ ᠰᠢᠮᠳᠠᠭᠤᠯᠵᠤ ᠪᠠᠶᠢᠭᠠᠳ ᠭᠦᠢᠴᠡᠳ ᠲᠠᠷᠢᠵᠤ ᠲᠦᠭᠦᠷᠡᠳᠡᠯ᠎ᠡ ᠲᠠᠷᠢᠵᠤ ᠲᠠᠷᠢᠬᠤ ᠳᠤ

ᠲᠣᠬᠢᠷᠠᠮᠵᠢᠲᠠᠶ ᠬᠤᠭᠤᠴᠠᠭᠠᠨ ᠳᠤ ᠲᠠᠷᠢᠵᠤ ᠭᠦᠢᠴᠡᠭᠡᠬᠦ ᠬᠡᠷᠡᠭᠲᠡᠶ᠂ ᠠᠲᠠᠷᠰᠢᠭᠤᠯᠵᠤ ᠪᠣᠯᠬᠤ ᠦᠭᠡᠶ᠂ ᠡᠭᠦᠷᠭᠡ ᠪᠠᠨ

ᠪᠡᠶᠡᠯᠡᠭᠦᠯᠦᠭᠰᠡᠨ ᠦᠭᠡᠢ ᠪᠣᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠡᠯ᠎ᠡ ᠭᠠᠵᠠᠷ ᠤᠨ ᠬᠢᠨ ᠠᠮᠤ ᠪᠤᠳᠠᠭᠠᠨ ᠤ

ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ

ᠪᠠ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠶᠯᠡᠳᠪᠦᠷᠢᠯᠡᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠬᠦ ᠶᠢ

ᠬᠢᠨᠠᠨ ᠰᠢᠯᠭᠠᠵᠤ ᠦᠨᠡᠯᠡᠬᠦ ᠶᠢᠨ ᠴᠢᠬᠤᠯᠠ ᠠᠭᠤᠯᠭ᠎ᠠ ᠪᠣᠯᠭᠠᠵᠤ᠂ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂

ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠶᠯᠡᠳᠪᠦᠷᠢᠯᠡᠯ᠂ ᠲᠠᠷᠢᠶᠠᠯᠠᠩ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ

ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠪᠣᠷᠣᠯᠠᠭᠤᠯᠭ᠎ᠠ ᠶᠢ

ᠵᠣᠯᠭᠠᠭᠤᠯᠬᠤ ᠵᠡᠷᠭᠡ ᠠᠵᠢᠯ ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ ᠰᠠᠶᠢᠲᠤᠷ ᠠᠳᠬᠤᠬᠤ ᠬᠡᠷᠡᠭᠲᠡᠶ᠃ ᠵᠣᠨ ᠤ

ᠠᠮᠤ ᠪᠤᠳᠠᠭᠠᠨ ᠤ ᠲᠠᠷᠢᠶᠠᠨ ᠭᠠᠵᠠᠷ ᠤᠨ ᠬᠠᠮᠢᠶᠠᠷᠤᠯᠲᠠ ᠵᠢᠯᠣᠭᠤᠳᠣᠯᠭ᠎ᠠ ᠶᠢ ᠴᠢᠩᠭᠠᠳᠬᠠᠵᠤ᠂ ᠴᠢᠭᠢᠭ ᠴᠢᠬᠢ ᠶᠢᠨ

ᠤᠷᠭᠤᠯᠲᠠ ᠶᠢ ᠠᠮᠵᠢᠨ ᠪᠣᠷᠲᠣᠭᠤᠷ ᠣᠷᠣᠭᠤᠯᠤᠨ ᠤᠰᠤᠯᠠᠵᠤ᠂ ᠲᠠᠷᠢᠶᠠᠯᠠᠩ ᠤᠨ ᠭᠠᠶ ᠭᠠᠮᠰᠢᠭ ᠢ ᠪᠦᠲᠦᠮᠵᠢᠲᠡᠶ

ᠰᠡᠷᠭᠡᠶᠢᠯᠡᠬᠦ ᠬᠡᠷᠡᠭᠳᠡᠢ᠃ ᠬᠦᠮᠦᠨ ᠭᠠᠵᠠᠷ ᠢ ᠨᠢᠭᠡ ᠴᠠᠭ ᠰᠠᠭᠠᠳᠠᠭᠠᠪᠠᠯ᠂ ᠭᠠᠵᠠᠷ ᠬᠦᠮᠦᠨ ᠢ ᠨᠢᠭᠡ ᠵᠢᠯ ᠰᠠᠭᠠᠳᠠᠭᠠᠨ᠎ᠠ᠃

ᠣᠳᠣᠬᠠᠨ ᠪᠣᠯ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠬᠤᠷ ᠲᠠᠷᠢᠶᠠᠴᠢᠳ ᠢ ᠬᠥᠲᠥᠯᠥᠨ

ᠵᠢᠯᠣᠭᠤᠳᠴᠤ ᠪᠠᠶᠢᠭᠠᠳ ᠭᠠᠵᠠᠷ ᠲᠡᠭᠰᠢᠯᠡᠭᠦ ᠪᠠ ᠲᠠᠷᠢᠵᠤ ᠴᠢᠬᠢ ᠪᠣᠶᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃

ᠰᠢᠨ᠎ᠡ ᠬᠡᠯᠪᠡᠷᠢ ᠶᠢᠨ ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂

ᠤᠷᠤᠯᠠᠨ ᠬᠠᠭᠠᠯᠪᠤᠷᠢᠯᠠᠵᠤ ᠣᠷᠣᠯᠠᠨ ᠲᠠᠷᠢᠬᠤ ᠵᠡᠷᠭᠡ ᠦᠢᠯᠡᠴᠢᠯᠡᠭᠡ ᠬᠠᠩᠭᠠᠵᠤ᠂ ᠵᠢᠵᠢᠭ ᠲᠠᠷᠢᠶᠠᠴᠢᠨ ᠡᠷᠦᠬᠡ ᠪᠣᠯᠤᠨ

ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠲᠠᠷᠢᠶᠠᠴᠢᠨ ᠡᠷᠦᠬᠡ ᠶᠢ ᠬᠠᠪᠰᠤᠷᠤᠨ ᠲᠠᠷᠢᠶ᠎ᠠ ᠶᠢ ᠨᠢ ᠲᠠᠷᠢᠬᠤ ᠬᠡᠷᠡᠭᠳᠡᠢ᠃

ᠬᠤᠶᠠᠷ ᠲᠤ᠂ ᠬᠠᠪᠤᠷ ᠤᠨ ᠲᠠᠷᠢᠶᠠᠯᠠᠭ᠎ᠠ ᠶᠢᠨ ᠶᠠᠪᠤᠳᠠᠯ ᠤᠨ ᠠᠵᠢᠯᠯᠠᠭ᠎ᠠ ᠶᠢᠨ ᠡᠮᠬᠢ ᠵᠢᠷᠤᠮ ᠲᠠᠢ ᠥᠷᠨᠢᠬᠦ ᠶᠢ ᠦᠨᠡᠨ ᠬᠦ

ᠪᠠᠲᠤᠯᠠᠬᠤ ᠬᠡᠷᠡᠭᠲᠡᠶ᠃ ᠵᠣᠬᠢᠶᠠᠨ ᠪᠠᠶᠢᠭᠤᠯᠬᠤ ᠪᠠ ᠬᠥᠲᠥᠯᠥᠨ ᠵᠢᠯᠣᠭᠤᠳᠬᠤ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ

ᠬᠢᠵᠦ᠂ ᠲᠠᠷᠢᠶᠠᠯᠠᠬᠤ ᠴᠠᠭ ᠢ ᠰᠠᠭᠠᠲᠠᠭᠠᠬᠤ ᠦᠭᠡᠶ ᠪᠠᠷ ᠭᠠᠳᠠᠭᠰᠢ ᠭᠠᠷᠤᠭᠰᠠᠨ ᠲᠠᠷᠢᠶᠠᠴᠢᠳ ᠤᠨ ᠨᠤᠲᠤᠭ ᠲᠠᠭᠠᠨ ᠪᠤᠴᠠᠵᠤ

ᠲᠠᠷᠢᠶᠠᠨ ᠠᠵᠢᠯ ᠬᠢᠬᠦ᠂ ᠲᠠᠷᠢᠶᠠᠯᠠᠩ ᠤᠨ ᠬᠡᠷᠡᠭᠰᠡᠯ ᠤᠨ ᠳᠡᠯᠭᠡᠭᠦᠷ ᠲᠤ ᠣᠷᠣᠵᠤ ᠲᠣᠰᠬᠤᠨ ᠳᠤ ᠣᠷᠣᠬᠤ᠂

ᠲᠠᠷᠢᠶᠠᠯᠠᠩ ᠤᠨ ᠮᠠᠰᠢᠨ ᠨᠡᠪᠲᠡᠷᠡᠬᠦ᠂ ᠲᠠᠷᠢᠶᠠᠯᠠᠩ ᠤᠨ ᠮᠡᠷᠭᠡᠵᠢᠯᠳᠡᠨ ᠢ ᠦᠨᠳᠦᠰᠦᠨ ᠱᠠᠲᠤᠨ ᠳᠤ ᠪᠠᠭᠤᠯᠭᠠᠨ

ᠦᠢᠯᠡᠴᠢᠯᠡᠭᠦᠯᠬᠦ ᠶᠢ ᠪᠠᠲᠤᠯᠠᠬᠤ ᠬᠡᠷᠡᠭᠲᠡᠶ᠃ ᠲᠠᠷᠢᠶᠠᠯᠠᠩ ᠤᠨ ᠬᠡᠷᠡᠭᠰᠡᠯ ᠤᠨ ᠠᠵᠤ ᠠᠬᠤᠶᠢᠯᠠᠯ ᠤᠨ ᠦᠢᠯᠡᠳᠪᠦᠷᠢᠯᠡᠯ ᠪᠠ

ᠲᠦᠭᠦᠬᠡᠢ ᠮᠠᠲ᠋ᠧᠷᠢᠶᠠᠯ᠂ ᠡᠨᠧᠷᠭᠢ ᠵᠡᠷᠭᠡ ᠶᠢᠨ ᠬᠠᠩᠭᠠᠯᠭ᠎ᠠ ᠶᠢ ᠪᠠᠲᠤᠯᠠᠬᠤ ᠬᠡᠷᠡᠭᠳᠡᠢ᠃ ᠭᠤᠷᠪᠠ ᠳᠤ᠂ ︽ᠨᠤᠭᠤᠭ᠎ᠠ ᠶᠢᠨ

ᠰᠠᠬᠰᠤ︾ ᠶᠢ ᠰᠠᠶᠢᠲᠤᠷ ᠠᠳᠬᠤᠬᠤ ᠬᠡᠷᠡᠭᠲᠡᠢ᠃ ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠢ ᠲᠡᠭᠡᠭᠡᠪᠦᠷᠢᠯᠡᠬᠦ

ᠰᠠᠭᠠᠳ ᠦᠭᠡᠶ ᠨᠡᠪᠲᠡᠷᠡᠬᠦ ᠵᠠᠮ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠢᠳᠡᠰᠢᠨ ᠨᠣᠭᠤᠭ᠎ᠠ ᠵᠡᠷᠭᠡ

ᠲᠠᠷᠢᠶᠠᠯᠠᠩ ᠤᠨ ᠪᠦᠲᠦᠭᠡᠭᠳᠡᠬᠦᠨ ᠤ ᠰᠠᠭᠠᠳ ᠦᠭᠡᠶ ᠭᠦᠢᠯᠭᠡᠭᠡ ᠶᠢ ᠠᠬᠢᠭᠤᠯᠬᠤ ᠬᠡᠷᠡᠭᠲᠡᠶ᠃ ᠳᠥᠷᠪᠡ ᠳᠤ᠂ ᠲᠠᠷᠢᠶᠠᠯᠠᠩ ᠢ

ᠳᠡᠮᠵᠢᠵᠦ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠮᠤ

ᠪᠤᠳᠠᠭᠠᠨ ᠤ ᠦᠶᠯᠡᠳᠪᠦᠷᠢᠯᠡᠯ ᠢ ᠲᠡᠳᠬᠦᠬᠦ ᠪᠡᠯᠡ ᠮᠥᠩᠭᠦ ᠶᠢ ᠲᠠᠷᠢᠶᠠᠴᠢᠳ ᠲᠤ ᠲᠦᠷᠭᠡᠬᠡᠨ ᠣᠯᠭᠤᠵᠤ᠂ ᠪᠤᠭᠤᠳᠠᠶ ᠶᠢᠨ ︽

ᠨᠢᠭᠡ ᠶᠢ ᠰᠦᠷᠴᠢᠵᠦ ᠭᠤᠷᠪᠠ ᠶᠢ ᠰᠡᠷᠭᠡᠶᠢᠯᠡᠬᠦ︾ ᠰᠢᠨ᠎ᠡ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ

ᠬᠡᠷᠡᠭᠲᠡᠶ᠃ ᠲᠠᠪᠤ ᠳᠤ᠂ ᠲᠠᠷᠢᠶᠠᠯᠠᠩ ᠤᠨ ᠬᠡᠷᠡᠭᠰᠡᠯ ᠤᠨ ᠨᠥᠬᠦᠪᠥᠷᠢ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠰᠤᠳᠤᠯᠵᠤ᠂

ᠠᠮᠤ ᠪᠤᠳᠠᠭ᠎ᠠ ᠶᠢ ᠪᠠᠳᠤᠯᠠᠭ᠎ᠠ ᠲᠠᠢ ᠬᠤᠳᠠᠯᠳᠤᠨ ᠠᠪᠬᠤ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂

ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠬᠠᠮᠠᠭᠠᠯᠠᠨ ᠳᠠᠶᠢᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

  ᠬᠤᠷᠠᠯ ᠠᠴᠠ᠂ ᠡᠨᠧᠷᠭᠢ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠭᠤᠷᠢ ᠲᠤᠯᠭᠠᠭᠤᠷᠢᠯᠠᠯ ᠮᠥᠨ᠃ ᠮᠠᠨ ᠤ

ᠤᠯᠤᠰ ᠤᠨ ᠤᠯᠤᠰ ᠤᠨ ᠪᠠᠶᠢᠳᠠᠯ ᠳᠤ ᠰᠠᠭᠤᠷᠢᠯᠠᠨ᠂ ᠭᠠᠳᠠᠭᠠᠳᠤ ᠣᠷᠴᠢᠨ ᠨᠥᠬᠦᠴᠡᠯ ᠤᠨ ᠰᠢᠨ᠎ᠡ ᠦᠷᠢᠰᠦᠯᠳᠥᠭᠡᠨ ᠢ

ᠠᠷᠭᠠᠴᠡᠭᠠᠵᠤ᠂ ᠭᠤᠣᠯᠳᠠᠯᠭ᠎ᠠ ᠶᠢ ᠠᠳᠬᠤᠨ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠵᠤ᠂

ᠤᠷᠢᠳᠴᠢᠯᠠᠨ ᠰᠡᠷᠭᠡᠶᠢᠯᠡᠵᠤ᠂ ᠨᠥᠬᠦᠴᠡᠯ ᠨᠢ ᠪᠣᠯᠪᠠᠰᠤᠷᠠᠩᠭᠤᠢ ᠪᠣᠯᠤᠬᠰᠠᠨ᠂ ᠬᠥᠭᠵᠢᠯᠲᠡ ᠳᠤ ᠬᠡᠷᠡᠭᠴᠡᠭᠡ ᠲᠠᠢ

ᠡᠨᠧᠷᠭᠢ ᠶᠢᠨ ᠲᠦᠷᠦᠯ ᠵᠦᠢᠯ ᠢ ᠠᠵᠢᠯ ᠡᠬᠢᠯᠡᠭᠦᠯᠦᠨ ᠪᠦᠳᠦᠭᠡᠨ ᠪᠠᠶᠢᠭᠤᠯᠬᠤ ᠶᠢ ᠠᠬᠢᠭᠤᠯᠵᠤ᠂ ᠡᠨᠧᠷᠭᠢ ᠶᠢᠨ

ᠪᠦᠲᠦᠴᠡ ᠶᠢᠨ ᠦᠷᠭᠦᠯᠵᠢᠯᠡᠨ ᠰᠢᠯᠢᠳᠡᠭᠵᠢᠬᠦ ᠶᠢ ᠠᠬᠢᠭᠤᠯᠬᠤ ᠬᠡᠷᠡᠭᠲᠡᠢ᠃ ᠡᠨᠡ ᠨᠢ ᠪᠠᠰᠠ ᠪᠦᠲᠦᠮᠵᠢᠲᠡᠶ ᠪᠠᠯᠠ

ᠣᠷᠣᠭᠤᠯᠤᠯᠲᠠ ᠶᠢ ᠥᠷᠭᠡᠳᠭᠡᠬᠦ ᠪᠠ ᠠᠵᠢᠯ ᠣᠯᠭᠤᠯᠲᠠ ᠶᠢ ᠳᠠᠶᠢᠴᠢᠯᠠᠵᠤ᠂ ᠣᠳᠣᠬᠠᠨ ᠳᠤ ᠠᠰᠢᠭᠲᠠᠶ ᠮᠥᠷᠲᠡᠭᠡᠨ ᠠᠯᠤᠰ

ᠬᠡᠲᠦ ᠳᠤ ᠠᠰᠢᠭᠲᠠᠶ ᠶᠤᠮ᠃ ᠨᠢᠭᠡ ᠳᠤ᠂ ᠨᠡᠭᠦᠷᠡᠰᠦᠨ ᠤ ᠭᠤᠣᠯ ᠴᠣᠭᠴᠠ ᠶᠢᠨ ᠡᠨᠧᠷᠭᠢ ᠶᠢᠨ ᠦᠢᠯᠡᠳᠦᠯ ᠢ

ᠪᠠᠳᠠᠷᠠᠭᠤᠯᠬᠤ ᠬᠡᠷᠡᠭᠲᠡᠢ᠃ ᠨᠡᠭᠦᠷᠡᠰᠦᠨ ᠤ ᠠᠵᠤ ᠠᠬᠤᠶᠢᠯᠠᠯ ᠤᠨ ᠦᠶᠯᠡᠳᠪᠦᠷᠢᠯᠡᠯ᠂ ᠲᠥᠷᠥᠯ ᠵᠦᠶᠯ ᠤᠨ ᠪᠥᠲᠥᠭᠡᠨ

ᠪᠠᠶᠢᠭᠤᠯᠤᠯᠲᠠ ᠵᠡᠷᠭᠡ ᠶᠢᠨ ᠬᠠᠷᠭᠤᠭᠤᠯᠤᠨ ᠵᠥᠪᠰᠢᠶᠡᠷᠡᠬᠦ ᠲᠥᠷᠥ ᠶᠢᠨ ᠪᠣᠳᠣᠯᠭ᠎ᠠ ᠶᠢ ᠬᠦᠴᠦᠯᠡᠨ ᠬᠠᠮᠲᠤᠳᠬᠠᠨ

ᠰᠢᠯᠢᠳᠡᠭᠵᠢᠭᠦᠯᠵᠤ᠂ ᠣᠷᠣᠨ ᠨᠤᠲᠤᠭ ᠤᠨ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ

ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠡᠷᠢᠭᠦᠨ ᠤ ᠦᠶᠯᠡᠳᠪᠦᠷᠢᠯᠡᠬᠦ ᠴᠢᠳᠠᠪᠬᠢ ᠶᠢ ᠭᠦᠶᠴᠡᠳ ᠪᠠᠳᠠᠷᠠᠭᠤᠯᠬᠤ

ᠬᠡᠷᠡᠭᠳᠡᠢ᠃ ᠦᠢᠯᠡᠳᠪᠦᠷᠢᠯᠡᠯ ᠤᠨ ᠴᠢᠳᠠᠪᠤᠷᠢ ᠶᠢ ᠵᠦᠪᠰᠢᠶᠡᠷᠡᠨ ᠨᠡᠮᠡᠭᠳᠡᠭᠦᠯᠬᠦ᠂ ᠭᠠᠷᠤᠯᠲᠠ ᠶᠢ ᠥᠷᠭᠡᠳᠭᠡᠬᠦ᠂ ᠰᠢᠨ᠎ᠡ ᠪᠠᠷ

ᠠᠰᠢᠭᠯᠠᠯᠲᠠ ᠳᠤ ᠣᠷᠣᠭᠤᠯᠬᠤ ᠵᠡᠷᠭᠡ ᠪᠠᠷ ᠳᠠᠮᠵᠢᠭᠤᠯᠤᠨ᠂ ᠡᠨᠡ ᠵᠢᠯ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢ 3

ᠳ᠋ᠦᠩᠰᠢᠭᠤᠷ ᠲᠣᠨ ᠰᠢᠨ᠎ᠡ ᠪᠠᠷ ᠨᠡᠮᠡᠭᠳᠡᠭᠦᠯᠦᠨ᠎ᠡ᠃ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ

ᠠᠰᠢᠭᠯᠠᠬᠤ ᠶᠢ ᠠᠬᠢᠭᠤᠯᠵᠤ᠂ ᠨᠥᠭᠡᠴᠡᠯᠡᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠬ᠎ᠠ

ᠳᠡᠯᠭᠡᠭᠦᠷᠴᠢᠯᠡᠬᠦ ᠪᠠ ᠬᠠᠤᠯᠢᠵᠢᠬᠰᠠᠨ ᠠᠷᠭ᠎ᠠ ᠬᠡᠮᠵᠢᠶ᠎ᠡ ᠶᠢ ᠬᠡᠷᠡᠭᠯᠡᠨ᠂ ᠨᠡᠭᠦᠷᠡᠰᠦᠨ ᠤ ᠦᠨ᠎ᠡ ᠶᠢᠨ ᠠᠵᠢᠯᠯᠠᠭᠠᠨ ᠢ ᠵᠦᠢ

ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠬᠥᠳᠤᠯᠤᠨ ᠵᠢᠯᠣᠭᠤᠳᠤᠨ᠎ᠠ᠃ ᠬᠤᠶᠠᠷ ᠲᠤ᠂ ᠨᠡᠭᠦᠷᠡᠰᠦ ᠴᠠᠬᠢᠯᠭᠠᠨ ᠤ ᠮᠠᠰᠢᠨ

ᠴᠣᠭᠴᠠᠯᠠᠪᠤᠷᠢ ᠶᠢᠨ ᠡᠨᠧᠷᠭᠢ ᠠᠷᠪᠢᠯᠠᠵᠤ ᠪᠣᠬᠢᠷᠲᠤᠯ ᠢ ᠪᠠᠭᠠᠰᠬᠠᠬᠤ ᠥᠭᠡᠷᠡᠴᠢᠯᠡᠯᠲᠡ᠂ ᠠᠮᠢᠳᠤᠯᠢᠭ ᠴᠢᠨᠠᠷᠳᠠᠢ

ᠥᠭᠡᠷᠡᠴᠢᠯᠡᠯᠲᠡ᠂ ᠢᠯᠴᠢ ᠬᠠᠩᠭᠠᠬᠤ ᠥᠭᠡᠷᠡᠴᠢᠯᠡᠯᠲᠡ ᠶᠢ ᠠᠬᠢᠭᠤᠯᠵᠤ᠂ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠵᠦ᠂

ᠪᠦᠬᠦ ᠵᠢᠯ ᠤᠨ ᠥᠭᠡᠷᠡᠴᠢᠯᠡᠯᠲᠡ ᠶᠢᠨ ᠬᠡᠪᠴᠢᠶ᠎ᠡ ᠶᠢ 2.2 ᠳ᠋ᠦᠩᠰᠢᠭᠤᠷ ᠺᠢᠯᠦᠸᠠᠲ ᠠᠴᠠ ᠳᠠᠪᠠᠭᠤᠯᠬᠤ ᠬᠡᠷᠡᠭᠲᠡᠢ᠃

ᠥᠭᠡᠷᠡᠴᠢᠯᠡᠬᠦ ᠳᠡᠭᠡᠨ ᠮᠠᠰᠢᠨ ᠴᠣᠭᠴᠠᠯᠠᠪᠤᠷᠢ ᠶᠢᠨ ᠬᠡᠪ ᠤᠨ ᠶᠡᠭᠡ ᠵᠠᠰᠠᠯᠲᠠ ᠵᠡᠷᠭᠡ ᠴᠠᠭ ᠬᠤᠭᠤᠴᠠᠭ᠎ᠠ ᠶᠢ ᠰᠣᠩᠭᠤᠵᠤ᠂

ᠴᠠᠬᠢᠯᠭᠠᠨ ᠬᠦᠴᠦᠨ ᠤ ᠲᠣᠭᠲᠠᠭᠤᠨ ᠬᠠᠩᠭᠠᠯᠭ᠎ᠠ ᠶᠢ ᠨᠥᠯᠥᠭᠡᠯᠡᠬᠦ ᠠᠴᠠ ᠰᠡᠷᠭᠡᠶᠢᠯᠡᠬᠦ ᠬᠡᠷᠡᠭᠲᠡᠶ᠃ ᠨᠡᠭᠦᠷᠡᠰᠦ ᠴᠠᠬᠢᠯᠭᠠᠨ ᠤ

ᠮᠠᠰᠢᠨ ᠴᠣᠭᠴᠠᠯᠠᠪᠤᠷᠢ ᠶᠢᠨ ᠥᠭᠡᠷᠡᠴᠢᠯᠡᠯᠲᠡ ᠶᠢ ᠳᠡᠮᠵᠢᠬᠦ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ

ᠨᠠᠶᠢᠳᠠᠪᠤᠷᠢᠵᠢᠭᠤᠯᠬᠤ ᠬᠡᠷᠡᠭᠳᠡᠢ᠃ ᠭᠤᠷᠪᠠ ᠳᠤ᠂ ᠴᠢᠩᠭ᠎ᠠ ᠬᠢᠨᠠᠨ ᠬᠠᠮᠢᠶᠠᠷᠴᠤ᠂ ᠯᠠᠪᠲᠠᠶ ᠠᠶᠤᠯᠭᠦᠶ ᠪᠠᠶᠢᠬᠤ ᠶᠢ

ᠪᠠᠲᠤᠯᠠᠭᠰᠠᠨ ᠤᠷᠢᠲᠠᠯ ᠳᠤᠤᠷ᠎ᠠ ᠴᠥᠮ᠎ᠡ ᠶᠢᠨ ᠴᠠᠬᠢᠯᠭᠠᠨ ᠢ ᠡᠮᠬᠢ ᠵᠢᠷᠤᠮ ᠲᠠᠢ ᠪᠠᠷ ᠬᠥᠭᠵᠢᠭᠦᠯᠬᠦ ᠬᠡᠷᠡᠭᠲᠡᠶ᠃ ᠣᠯᠠᠨ

ᠵᠢᠯ ᠤᠨ ᠪᠡᠯᠡᠳᠭᠡᠯ ᠪᠠ ᠪᠥᠬᠦ ᠲᠠᠯ᠎ᠠ ᠶᠢᠨ ᠦᠨᠡᠯᠡᠨ ᠵᠢᠱᠢᠯᠲᠡ ᠬᠢᠨᠠᠨ ᠪᠠᠶᠢᠴᠠᠭᠠᠯᠲᠠ ᠶᠢ ᠥᠩᠭᠡᠷᠡᠭᠡᠭᠡᠳ᠂ ᠨᠢᠭᠡᠨᠲᠡ

ᠤᠯᠤᠰ ᠤᠨ ᠲᠥᠯᠥᠪᠵᠢᠭᠦᠯᠭᠡ ᠳᠤ ᠣᠷᠣᠭᠤᠯᠤᠭᠰᠠᠨ ᠵᠧᠵᠢᠶᠠᠩ ᠤᠨ ᠰᠠᠨ ᠮᠧᠨ᠂ ᠱᠠᠨᠳᠦ᠋ᠩ ᠤᠨ ᠬᠠᠶ ᠶᠠᠩ᠂

ᠭᠤᠸᠠᠩᠳᠦ᠋ᠩ ᠤᠨ ᠯᠦ ᠹᠧᠩ ᠵᠡᠷᠭᠡ ᠭᠤᠷᠪᠠᠨ ᠴᠥᠮ᠎ᠡ ᠶᠢᠨ ᠴᠠᠬᠢᠯᠭᠠᠨ ᠤ ᠰᠢᠨ᠎ᠡ ᠪᠠᠷ ᠪᠠᠶᠢᠭᠤᠯᠬᠤ ᠮᠠᠰᠢᠨ

ᠴᠣᠭᠴᠠᠯᠠᠪᠤᠷᠢ ᠶᠢᠨ ᠲᠦᠷᠦᠯ ᠵᠦᠢᠯ ᠢ ᠬᠢᠨᠠᠨ ᠵᠥᠪᠰᠢᠶᠡᠷᠡᠪᠡ᠃

  ᠬᠤᠷᠠᠯ ᠠᠴᠠ ᠪᠤᠰᠤᠳ ᠵᠦᠢᠯ ᠢ ᠰᠤᠳᠤᠯᠪᠠ᠃

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号