ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠨᠠᠶᠢᠳᠠᠪᠤᠷᠢᠵᠢᠭᠤᠯᠵᠤ᠂ | ᠨᠠᠰᠤᠲᠠᠶᠢᠴᠤᠳ᠂ ᠤᠳᠠᠭᠠᠨ ᠴᠢᠨᠠᠷᠲᠠᠶ ᠡᠪᠡᠳᠴᠢᠲᠡᠨ ᠵᠡᠷᠭᠡ ᠭᠤᠤᠯᠳᠠᠯᠭ᠎ᠠ ᠲᠠᠢ ᠬᠥᠮᠦᠰ ᠤᠨ ᠲᠣᠰ ᠪᠡᠶ᠎ᠡ ᠶᠢᠨ | ᠡᠷᠡᠭᠦᠯ ᠮᠡᠨᠳᠦ ᠶᠢᠨ ᠲᠠᠨᠢᠯᠲᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠭᠤᠤᠯᠳᠠᠯᠭ᠎ᠠ ᠲᠠᠢ ᠬᠥᠮᠦᠰ ᠤᠨ ᠡᠪᠡᠳᠴᠢᠨ | ᠡᠮᠭᠡᠭ ᠢ ︽ᠡᠷᠲᠡ ᠢᠯᠡᠷᠡᠭᠦᠯᠵᠦ᠂ ᠡᠷᠲᠡ ᠣᠨᠣᠰᠢᠯᠠᠵᠤ᠂ ᠡᠷᠲᠡ ᠡᠮᠴᠢᠯᠡᠬᠦ︾ ᠶᠢ ᠪᠡᠶᠡᠯᠡᠭᠦᠯᠬᠦ ᠶᠢᠨ ᠲᠥᠯᠥᠭᠡ᠂ | ᠤᠷᠴᠢᠮᠬᠠᠨ ᠪᠤᠤᠴᠠᠩ ᠪᠠᠯᠭᠠᠰᠤᠨ ᠤ ᠪᠦᠦ ᠹᠧᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠨᠢ ᠡᠳᠡᠭᠡᠷ ᠭᠤᠤᠯᠳᠠᠯᠭ᠎ᠠ ᠲᠠᠢ ᠬᠥᠮᠦᠰ ᠲᠤ ᠦᠨ᠎ᠡ ᠲᠦᠯᠦᠪᠦᠷᠢ ᠥᠬᠡᠶ ᠪᠠᠷ ᠡᠷᠡᠭᠦᠯ | ᠮᠡᠨᠳᠦ ᠶᠢᠨ ᠪᠠᠶᠢᠴᠠᠭᠠᠯᠲᠠ ᠬᠢᠵᠦ ᠦᠭᠬᠦᠭᠰᠡᠨ ᠪᠠᠶᠢᠨ᠎ᠠ᠃ ᠡᠨᠡ ᠤᠳᠠᠭᠠᠨ ᠤ ᠪᠡᠶ᠎ᠡ ᠶᠢᠨ ᠪᠠᠶᠢᠴᠠᠭᠠᠯᠲᠠ ᠶᠢ | ᠭᠤᠤᠯᠳᠠᠭᠤ ᠪᠦᠬᠦᠯᠢ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ᠂ ᠴᠢᠰᠤᠨ ᠳᠠᠷᠤᠯᠲᠠ ᠥᠨᠳᠥᠷ | ᠡᠪᠡᠳᠴᠢᠲᠡᠨ᠂ ᠰᠢᠬᠢᠷ ᠰᠢᠵᠢᠩ ᠡᠪᠡᠳᠴᠢᠲᠡᠨ᠂ ᠬᠦᠨᠳᠦ ᠨᠣᠴᠢᠲᠠᠶ ᠣᠶᠣᠨ ᠮᠡᠳᠡᠷᠡᠯ ᠤᠨ ᠰᠠᠭᠠᠳ ᠲᠠᠢ | ᠡᠪᠡᠳᠴᠢᠲᠡᠨ᠂ ᠰᠦᠷᠢᠶ᠎ᠡ ᠡᠪᠡᠳᠴᠢᠲᠡᠨ ᠵᠢᠴᠢ ᠬᠦᠴᠢᠷᠳᠡᠯᠲᠡᠶ ᠣᠯᠠᠨ ᠲᠦᠮᠡᠨ ᠵᠡᠷᠭᠡ ᠭᠤᠤᠯᠳᠠᠯᠭ᠎ᠠ ᠲᠠᠢ | ᠬᠥᠮᠦᠰ ᠲᠤ ᠬᠠᠨᠳᠤᠭᠤᠯᠵᠠᠢ᠃ ᠭᠤᠣᠯ ᠪᠣᠯᠬᠤ ᠪᠠᠶᠢᠴᠠᠭᠠᠯᠲᠠ ᠶᠢᠨ ᠵᠦᠢᠯ ᠳᠤ ᠪᠡᠶ᠎ᠡ ᠶᠢᠨ ᠥᠨᠳᠥᠷ᠂ ᠪᠡᠶ᠎ᠡ ᠶᠢᠨ | ᠬᠦᠨᠳᠦ᠂ ᠪᠦᠰᠡᠯᠡᠭᠦᠷ ᠤᠨ ᠬᠡᠮᠵᠢᠶ᠎ᠡ᠂ ᠴᠢᠰᠤᠨ ᠳᠠᠷᠤᠯᠲᠠ ᠶᠢ ᠬᠡᠮᠵᠢᠵᠦ ᠦᠭᠬᠦ ᠵᠢᠴᠢ ᠴᠢᠰᠤ ᠰᠢᠭᠡᠰᠦᠨ ᠤ ᠭᠡᠪ | ᠤᠨ ᠪᠠᠶᠢᠴᠠᠭᠠᠯᠳᠠ᠂ ᠡᠯᠢᠭᠡ ᠪᠥᠭᠡᠷᠡᠨ ᠤ ᠠᠵᠢᠯᠯᠠᠭ᠎ᠠ᠂ ᠴᠢᠰᠤᠨ ᠤ ᠰᠢᠬᠢᠷ᠂ ᠴᠢᠰᠤᠨ ᠤ ᠥᠭᠡᠬᠦ ᠶᠢᠨ | ᠪᠠᠶᠢᠴᠠᠭᠠᠯᠳᠠ᠂ ᠵᠢᠷᠦᠬᠡᠨ ᠤ ᠯᠤᠭᠰᠢᠯᠲᠠ ᠶᠢᠨ ᠵᠢᠷᠤᠭ ᠂ ᠬᠡᠪᠡᠯᠢ ᠶᠢᠨ ᠬᠡᠰᠡᠭ ᠤᠨ B ᠬᠡᠳᠦ ᠳᠣᠯᠭᠢᠶᠠᠨ ᠵᠡᠷᠭᠡ | ᠲᠤᠰᠠᠯᠠᠬᠤ ᠪᠠᠶᠢᠴᠠᠭᠠᠯᠲᠠ ᠪᠠᠭᠲᠠᠨ᠎ᠠ᠃ ᠪᠠᠶᠢᠴᠠᠭᠠᠯᠲᠠ ᠶᠢᠨ ᠶᠠᠪᠤᠴᠠ ᠳᠤ ᠡᠮᠨᠡᠯᠭᠡ ᠶᠢᠨ ᠠᠵᠢᠯᠳᠠᠳ | ᠡᠪᠡᠳᠴᠢᠳᠡᠨ ᠤ ᠡᠷᠡᠭᠦᠯ ᠮᠡᠨᠳᠦ ᠶᠢᠨ ᠲᠤᠬᠠᠶ ᠠᠰᠠᠭᠤᠯᠳᠠ ᠯᠠᠪᠯᠠᠯᠲᠠ ᠶᠢ ᠬᠦᠯᠢᠴᠡᠩᠭᠦᠶ ᠪᠠᠷ ᠬᠠᠷᠢᠭᠤᠯᠬᠤ ᠶᠢᠨ | ᠬᠠᠮᠲᠤ᠂ ᠲᠡᠳᠡᠨ ᠳᠤ ᠵᠦᠶ ᠵᠣᠬᠢᠰᠲᠠᠶ ᠰᠠᠨᠠᠭᠤᠯᠭ᠎ᠠ ᠳᠤᠷᠠᠳᠴᠤ᠂ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ | ᠪᠠᠶᠢᠴᠠᠭᠠᠯᠲᠠ ᠬᠢᠬᠦ ᠶᠢᠨ ᠴᠢᠬᠤᠯᠠ ᠴᠢᠨᠠᠷ ᠢ ᠲᠦᠭᠡᠮᠡᠯᠵᠢᠬᠦᠯᠦᠨ᠂ ᠪᠠᠶᠢᠴᠠᠭᠠᠯᠳᠠ ᠶᠢᠨ ᠦᠷ᠎ᠡ ᠳ᠋ᠦᠩ ᠨᠢ ᠬᠡᠪ ᠤᠨ | ᠪᠤᠰᠤ ᠪᠤᠯ ᠡᠮᠴᠢᠯᠡᠭᠡᠨ ᠤ ᠲᠠᠯ᠎ᠠ ᠪᠠ ᠠᠮᠢᠳᠤᠷᠠᠯ ᠤᠨ ᠠᠷᠭ᠎ᠠ ᠮᠠᠶ᠋ᠢᠭ ᠤᠨ ᠲᠠᠯ᠎ᠠ ᠪᠠᠷ ᠰᠠᠶᠢᠵᠢᠷᠠᠭᠤᠯᠬᠤ ᠰᠠᠨᠠᠭᠤᠯᠭ᠎ᠠ | ᠲᠤᠷᠠᠳᠴᠤ᠂ ᠬᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠭᠡᠷ᠎ᠡ ᠲᠤᠭᠳᠠᠭᠰᠠᠨ ᠪᠠᠶᠢᠨ᠎ᠠ᠃ ᠤᠶᠢᠯᠠᠭᠠᠭᠰᠠᠨ | ᠢᠶᠠᠷ᠂ ᠪᠦᠦ ᠹᠧᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠨᠢ ᠣᠲᠣ ᠪᠣᠯᠲᠠᠯ᠎ᠠ᠂ | ᠨᠢᠭᠡᠨᠲᠡ 190 ᠭᠠᠷᠤᠶ ᠬᠥᠮᠦᠨ ᠤᠳᠠᠭ᠎ᠠ ᠳᠤ ᠦᠨ᠎ᠡ ᠲᠦᠯᠦᠪᠦᠷᠢ ᠦᠬᠡᠢ ᠪᠡᠶ᠎ᠡ ᠶᠢᠨ ᠪᠠᠶᠢᠴᠠᠭᠠᠯᠲᠠ ᠬᠢᠵᠦ | ᠦᠭᠴᠡᠢ᠃ |