ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠠᠮᠤᠷ ᠲᠦᠪᠰᠢᠨ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2022/4/29
 ᠠᠷᠠᠳ ᠢᠷᠭᠡᠳ ᠪᠣᠯᠪᠠᠰᠤ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠮᠤᠢ᠂ ᠠᠮᠤ ᠪᠤᠳᠠᠭ᠎ᠠ ᠪᠣᠯᠪᠠᠰᠤ ᠠᠮᠤᠷ ᠲᠦᠪᠰᠢᠨ ᠢ ᠲᠡᠷᠢᠭᠦᠨ ᠳᠤᠷ ᠲᠠᠯᠪᠢᠮᠤᠢ᠃ ︽5.1︾ ᠤ ᠠᠮᠠᠷᠠᠯᠲᠠ ᠶᠢᠨ ᠡᠳᠦᠷ ᠬᠦᠷᠴᠦ ᠢᠷᠡᠬᠦ ᠲᠠᠰᠢᠷᠠᠮ ᠳᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠬᠠᠮᠠᠭᠠᠯᠠᠵᠤ᠂ ᠪᠥᠬᠦ ᠬᠤᠰᠢᠭᠤᠨ ᠤ ᠠᠷᠠᠳ ᠣᠯᠠᠨ ᠢ ᠠᠮᠤᠷ ᠠᠮᠤᠭᠤᠯᠠᠩ ᠥᠯᠵᠡᠢ ᠪᠡᠯᠭᠡ ᠲᠠᠢ ᠪᠠᠶᠠᠷ ᠤᠨ ᠡᠳᠦᠷ   ᠢᠶᠠᠨ ᠦᠩᠭᠡᠷᠡᠬᠡᠬᠦ ᠶᠢ ᠪᠠᠳᠤᠯᠠᠬᠤ ᠶᠢᠨ ᠲᠥᠯᠥᠭᠡ᠂  ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠨ᠂  ᠬᠢᠨᠠᠨ ᠬᠠᠮᠢᠶᠠᠷᠬᠤ ᠭᠤᠣᠯᠳᠠᠯᠭ᠎ᠠ ᠪᠠᠨ  ᠲᠤᠪᠤᠶᠢᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠠᠶᠠᠷ ᠤᠨ ᠡᠳᠦᠷ ᠠᠴᠠ ᠡᠮᠦᠨᠡᠬᠢ ᠢᠳᠡᠭᠡᠨ ᠤ ᠵᠠᠬ᠎ᠠ ᠳᠡᠯᠭᠡᠭᠦᠷ ᠲᠤ ᠠᠮᠤᠷ ᠲᠦᠪᠰᠢᠨ ᠤ ᠪᠠᠶᠢᠴᠠᠭᠠᠯᠲᠠ ᠶᠠᠪᠤᠭᠤᠯᠵᠠᠢ᠃ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠭᠡᠷᠡᠭᠯᠡᠭᠡᠨ ᠤ ᠣᠨᠴᠠᠯᠢᠭ ᠢ ᠦᠨᠳᠦᠰᠦᠯᠡᠨ᠂  ᠡᠨᠡ ᠤᠳᠠᠭᠠᠨ ᠤ ᠪᠠᠶᠢᠴᠠᠭᠠᠯᠲᠠ ᠳᠤ ᠲᠣᠮᠣ ᠬᠡᠯᠪᠡᠷᠢ ᠶᠢᠨ ᠴᠢᠯᠦᠬᠡᠳᠦ ᠳᠡᠯᠭᠡᠭᠦᠷ᠂  ᠪᠦᠭᠡᠮᠳᠡᠨ ᠬᠤᠳᠠᠯᠳᠤᠬᠤ ᠲᠡᠯᠬᠡᠬᠦᠷ  ᠢᠶᠠᠷ ᠭᠤᠣᠯᠳᠠᠯᠭ᠎ᠠ ᠲᠠᠢ    ᠪᠠᠶᠢᠴᠠᠭᠠᠬᠤ ᠲᠠᠯᠠᠪᠤᠷ ᠪᠣᠯᠭᠠᠵᠤ᠂ ᠡᠯ᠎ᠡ ᠲᠥᠷᠥᠯ ᠤᠨ ᠪᠠᠶᠠᠷ ᠤᠨ ᠡᠳᠦᠷ ᠤᠨ ᠪᠠᠷᠠᠭ᠎ᠠ ᠲᠠᠸᠠᠷ ᠢᠶᠠᠷ ᠭᠤᠣᠯᠳᠠᠯᠭ᠎ᠠ ᠲᠠᠢ ᠪᠠᠶᠢᠴᠠᠭᠠᠬᠤ ᠨᠢᠭᠤᠷᠯᠠᠯ ᠪᠤᠯᠭᠠᠭᠰᠠᠨ ᠪᠠᠶᠢᠨ᠎ᠠ᠃ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠳᠠᠳ ᠠᠴᠠ ᠡᠵᠡᠩᠨᠡᠯᠲᠡ ᠶᠢᠨ ᠦᠨᠡᠮᠯᠡᠯ ᠵᠡᠷᠭᠡ ᠭᠡᠷᠡᠴᠢ ᠦᠨᠡᠮᠯᠡᠯ ᠨᠢ ᠪᠦᠷᠢᠨ ᠭᠦᠢᠴᠡᠳ ᠡᠰᠡᠬᠦ᠂  ᠲᠠᠩᠰᠠ ᠲᠡᠮᠳᠡᠭᠯᠡᠯ ᠨᠢ ᠪᠦᠷᠢᠨ ᠭᠦᠢᠴᠡᠳ ᠡᠰᠡᠬᠦ ᠶᠢ ᠴᠢᠩᠭ᠎ᠠ ᠪᠠᠶᠢᠴᠠᠭᠠᠬᠤ ᠶᠢᠨ ᠬᠠᠮᠳᠤ᠂  ᠪᠦᠬᠦᠯᠢ ᠴᠣᠭᠴᠠ ᠶᠢᠨ ᠡᠵᠡᠩᠨᠡᠯᠲᠡ ᠶᠢᠨ ᠡᠮᠬᠢ ᠵᠢᠷᠤᠮ᠂ ᠢᠳᠡᠭᠡᠨ ᠤ ᠠᠮᠤᠷ ᠲᠦᠪᠰᠢᠨ ᠤ ᠪᠠᠶᠢᠳᠠᠯ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂  ᠡᠵᠡᠩᠨᠡᠭᠴᠢᠳ ᠢ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠲᠤᠭᠳᠠᠭᠠᠯ ᠢ ᠨᠢᠮᠪᠠᠢ ᠨᠠᠶᠢᠳᠠᠪᠤᠷᠢᠵᠢᠭᠤᠯᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠢᠳᠡᠭᠡᠨ ᠤ ᠵᠠᠬ᠎ᠠ ᠳᠡᠯᠭᠡᠭᠦᠷ ᠤᠨ ᠠᠮᠤᠷ  ᠲᠣᠭᠲᠠᠭᠤᠨ ᠪᠠᠶᠢᠬᠤ ᠶᠢ ᠦᠨᠡᠨ ᠬᠦ ᠪᠠᠳᠤᠯᠠᠨ᠂ ᠠᠮᠤᠷ ᠲᠦᠪᠰᠢᠨ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠪᠠ ᠬᠡᠷᠡᠭᠯᠡᠭᠡᠨ ᠤ ᠣᠷᠴᠢᠨ ᠢ ᠪᠣᠶ ᠪᠣᠯᠭᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃  ᠡᠨᠡ ᠤᠳᠠᠭᠠᠨ ᠤ ᠪᠠᠶᠢᠴᠠᠭᠠᠯᠲᠠ ᠳᠤ 12  ᠬᠠᠤᠯᠢ ᠬᠡᠷᠡᠭᠵᠢᠭᠦᠯᠬᠦ ᠠᠵᠢᠯᠲᠠᠨ  ︵ᠤᠳᠠᠭ᠎ᠠ︶     ᠬᠦᠳᠡᠯᠦᠯᠴᠡᠵᠦ᠂  5 ᠡᠷᠦᠬᠡ ᠲᠣᠮᠣ ᠬᠡᠯᠪᠡᠷᠢ ᠶᠢᠨ ᠴᠢᠯᠦᠬᠡᠳᠦ ᠳᠡᠯᠭᠡᠭᠦᠷ  ᠪᠠ 2 ᠡᠷᠦᠬᠡ  ᠪᠥᠭᠡᠮ ᠢᠶᠠᠷ ᠬᠤᠳᠠᠯᠳᠤᠬᠤ ᠲᠡᠯᠬᠡᠬᠦᠷ ᠢ ᠪᠠᠶᠢᠴᠠᠭᠠᠵᠤ᠂ 1 ᠬᠤᠪᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢᠨ  ᠪᠢᠴᠢᠭ ᠢ ᠬᠠᠤᠯᠢ ᠶᠣᠰᠣᠭᠠᠷ  ᠪᠠᠭᠤᠯᠭᠠᠭᠰᠠᠨ ᠪᠠᠶᠢᠨ᠎ᠠ᠃ ᠣᠳᠣᠬᠠᠨ ᠪᠠᠶᠢᠴᠠᠭᠠᠯᠲᠠ ᠶᠢᠨ ᠠᠵᠢᠯ ᠦᠷᠭᠦᠯᠵᠢᠯᠡᠨ ᠶᠠᠪᠤᠭᠳᠠᠵᠤ  ᠪᠠᠶᠢᠭ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号