ᠲᠠᠷᠢᠶᠠᠯᠠᠩ ᠤᠨ ᠮᠡᠷᠭᠡᠵᠢᠯ ᠢ ᠬᠥᠳᠡᠭᠡ ᠬᠦᠷᠭᠡᠵᠦ ᠲᠠᠷᠢᠶᠠᠴᠢᠨ ᠠᠷᠠᠳ ᠤᠨ ᠬᠦᠷᠢᠶᠡᠯᠡᠯ ᠢ ᠤᠯᠪᠠ
ᠨᠡᠶᠢᠲᠡᠯᠡᠭᠰᠡᠨ ᠴᠠᠭ᠄
2022/4/6
 ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠮ ᠤᠨ ᠭᠡᠰᠢᠭᠦᠨ ᠤ ︽ᠤᠯᠠᠨ ᠲᠦᠮᠡᠨ ᠲᠠᠢ ᠬᠠᠷᠢᠯᠴᠠᠬᠤ᠂ ᠤᠯᠠᠨ ᠲᠦᠮᠡᠨ ᠳᠤ ᠦᠢᠯᠡᠴᠢᠯᠡᠬᠦ︾ ᠵᠣᠷᠢᠯᠲᠠ ᠶᠢᠨ ᠤᠬᠠᠮᠰᠠᠷ ᠢ ᠨᠡᠮᠡᠭᠳᠡᠬᠦᠯᠦᠨ᠂ ᠰᠣᠶᠣᠯ᠂ ᠰᠢᠨᠵᠢᠯᠡᠬᠦ ᠤᠬᠠᠭᠠᠨ᠂ ᠡᠷᠡᠭᠦᠯ ᠬᠠᠮᠠᠭᠠᠯᠠᠯ  ︽ᠭᠤᠷᠪᠠ ᠶᠢ ᠬᠥᠳᠡᠭᠡ  ᠬᠦᠷᠭᠡᠬᠦ︾  ᠠᠵᠢᠯ ᠢ  ᠰᠠᠶᠢᠳᠤᠷ ᠦᠢᠯᠡᠳᠦᠯᠬᠡᠵᠢᠬᠦᠯᠬᠦ ᠶᠢᠨ ᠲᠦᠯᠦᠭᠡ᠂ ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠨᠠᠮ ᠤᠨ ᠡᠭᠦᠷ ᠨᠢ ᠨᠠᠮ ᠤᠨ ᠭᠡᠰᠢᠭᠦᠨ ᠪᠠ ᠢᠳᠡᠪᠬᠢᠲᠡᠨ ᠨᠠᠷ ᠢᠶᠠᠷ ᠪᠦᠷᠢᠯᠳᠦᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂  ᠬᠤᠩ ᠴᠢ ᠪᠠᠯᠭᠠᠰᠤᠨ ᠤ ᠺᠤᠸᠠᠩ ᠱᠠᠨ ᠲᠣᠰᠬᠤᠨ ᠳᠤ ᠬᠦᠷᠴᠦ ︽ᠲᠠᠷᠢᠶᠠᠯᠠᠩ ᠤᠨ ᠮᠡᠷᠭᠡᠵᠢᠯ ᠢ ᠬᠥᠳᠡᠭᠡ ᠬᠦᠷᠭᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠵᠡᠢ᠃ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ   ᠶᠢ ᠲᠣᠰᠬᠤᠨ ᠳᠤ ᠬᠦᠷᠬᠦ ᠳᠤ᠂  ᠲᠠᠷᠢᠶᠠᠴᠢᠨ ᠴᠧᠨ ᠰᠢᠸ ᠼᠠᠢ ᠶᠢᠨ ᠨᠢᠬᠡ ᠦᠨᠢᠶ᠎ᠡ ᠨᠢ ᠲᠤᠭᠤᠯᠯᠠᠵᠤ ᠭᠠᠷᠬᠤ ᠦᠬᠡᠢ ᠰᠠᠨᠳᠤᠷᠭᠠᠵᠤ ᠪᠠᠶᠢᠵᠠᠢ᠃   ᠦᠢᠯᠡᠴᠢᠯᠡᠭᠡᠨ ᠤ ᠠᠩᠬᠢ ᠶᠢᠨ ᠬᠡᠰᠢᠬᠦᠨ᠂ ᠦᠨᠳᠦᠰᠦᠨ ᠱᠠᠲᠤᠨ ᠤ ᠮᠠᠯ ᠤᠨ ᠡᠮᠴᠢ ᠶᠢᠨ ᠠᠵᠢᠯ ᠢ ᠤᠳᠠᠭᠠᠨ ᠵᠢᠯ ᠬᠢᠭᠰᠡᠨ ᠠᠬᠠᠮᠠᠳ ᠮᠠᠯ ᠤᠨ ᠡᠮᠴᠢ ᠼᠦᠢ ᠹᠧᠩ ᠱᠠᠨ ᠪᠠᠶᠢᠳᠠᠯ ᠢ ᠣᠶᠢᠯᠠᠭᠠᠭᠰᠠᠨ ᠤ ᠲᠠᠷᠠᠭ᠎ᠠ ᠲᠠᠷᠤᠶᠢᠬᠠᠨ ᠬᠤᠪᠴᠠᠰᠤ ᠪᠠᠨ ᠰᠣᠯᠢᠵᠤ ᠲᠦᠷᠭᠡᠨ ᠠᠪᠤᠷᠠᠯᠲᠠ ᠬᠢᠬᠦ ᠪᠠᠷ ᠲᠠᠮᠵᠢᠭᠠᠳ ᠲᠤᠭᠤᠯ ᠢ ᠲᠠᠳᠠᠵᠤ ᠭᠠᠷᠭᠠᠭᠰᠠᠨ ᠪᠠᠶᠢᠯ᠎ᠠ᠃   ᠼᠦᠢ ᠹᠧᠩ ᠱᠠᠨ ᠬᠠᠩᠴᠤᠢ ᠰᠢᠮᠠᠯᠠᠵᠤ ᠶᠠᠭᠠᠷᠠᠯᠳᠠᠢ ᠠᠵᠢᠯᠯᠠᠬᠤ ᠶᠢᠨ ᠲᠠᠭᠠᠤ  ᠪᠠᠰᠠ ᠲᠦᠯ ᠲᠤᠰᠬᠤ ᠳᠤ ᠠᠩᠬᠠᠷᠬᠤ ᠴᠢᠬᠤᠯᠠᠲᠠᠢ ᠠᠰᠠᠭᠤᠳᠠᠯ ᠢ ᠣᠯᠠᠨ ᠲᠦᠮᠡᠨ ᠳᠤ  ᠬᠦᠯᠢᠴᠡᠩᠬᠦᠢ ᠪᠠᠷ ᠲᠠᠶᠢᠯᠪᠤᠷᠢᠯᠠᠨ ᠶᠠᠷᠢᠵᠤ ᠦᠭᠴᠡᠢ᠃  ᠵᠠᠰᠠᠯ ᠬᠢᠵᠦ ᠪᠠᠷᠠᠮᠠᠭᠴᠠ ᠰᠠᠶᠢᠨ ᠳᠤᠷ᠎ᠠ ᠶᠢᠨ  ᠦᠢᠯᠡᠴᠢᠯᠡᠭᠴᠢᠳ  ᠴᠠᠢ ᠤᠰᠤ  ᠴᠤ  ᠤᠤᠭᠤᠭᠰᠠᠨ ᠦᠬᠡᠢ ᠪᠠᠷ ᠲᠣᠰᠬᠤᠨ ᠤ  ᠠᠯᠪᠠᠨ ᠭᠡᠷ ᠲᠤ ᠬᠦᠷᠴᠦ᠂ ᠲᠡᠵᠢᠭᠡᠨ ᠦᠷᠡᠵᠢᠭᠦᠯᠬᠦ ᠡᠷᠤᠭᠡ ᠶᠢᠨ  ᠬᠢᠨ ᠳᠤ  ᠵᠤᠷᠢᠭᠤᠯᠤᠭᠰᠠᠨ ᠲᠤᠰᠬᠠᠢ ᠮᠡᠷᠭᠡᠵᠢᠯ ᠤᠨ ᠪᠣᠯᠪᠠᠰᠤᠷᠠᠯ ᠡᠷᠬᠢᠯᠡᠵᠦ᠂  ᠦᠬᠡᠷ ᠬᠤᠨᠢ ᠲᠡᠵᠢᠭᠡᠨ ᠠᠷᠠᠴᠢᠯᠠᠬᠤ ᠮᠡᠳᠡᠯᠭᠡ ᠮᠡᠷᠭᠡᠵᠢᠯ ᠢ  ᠲᠠᠶᠢᠯᠪᠤᠷᠢᠯᠠᠨ᠂ ᠤᠯᠠᠨ ᠲᠦᠮᠡᠨ ᠤ ᠠᠩᠬᠠᠷᠴᠤ ᠪᠠᠶᠢᠭ᠎ᠠ ᠬᠦᠴᠢᠷᠳᠡᠯ ᠪᠠ ᠲᠥᠪᠯᠡᠷᠡᠯ ᠤᠨ ᠴᠡᠭ ᠤᠨ ᠲᠣᠭᠤᠷᠢᠨ ᠳᠤ ᠤᠬᠠᠭᠤᠯᠭ᠎ᠠ ᠲᠠᠶᠢᠯᠤᠮᠵᠢ ᠬᠢᠭᠰᠡᠨ ᠤ ᠬᠠᠮᠲᠤ᠂  ᠲᠠᠷᠢᠶᠠᠴᠢᠳ ᠤᠨ ᠠᠰᠠᠭᠤᠭᠰᠠᠨ ᠵᠦᠢᠯ ᠳᠤ ᠨᠠᠷᠢᠨ ᠲᠤᠳᠤᠷᠬᠠᠢ ᠬᠠᠷᠢᠭᠤᠯᠳᠠ ᠦᠭᠬᠦᠭᠰᠡᠨ ᠪᠠᠶᠢᠨ᠎ᠠ᠃  ᠡᠨᠡ ᠤᠳᠠᠭᠠᠨ ᠤ  ᠠᠵᠢᠯᠯᠠᠭᠠᠨ ᠤ ᠲᠤᠮᠳᠠ᠂ ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠨᠠᠮ ᠤᠨ ᠭᠡᠰᠢᠬᠦᠳ᠂ ᠰᠠᠶᠢᠨ ᠳᠤᠷ᠎ᠠ ᠶᠢᠨ ᠦᠢᠯᠡᠴᠢᠯᠡᠭᠴᠢᠳ ᠨᠢ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠳᠦᠯᠭᠡᠵᠢᠭᠦᠯᠦᠭᠴᠢ ᠪᠣᠯᠬᠤ ᠪᠠᠷ ᠢᠳᠡᠪᠬᠢᠲᠡᠢ ᠴᠢᠷᠮᠠᠶᠢᠵᠤ᠂  ᠲᠠᠷᠢᠶᠠᠴᠢᠳ ᠢ ᠬᠠᠪᠰᠤᠷᠤᠨ ᠲᠡᠵᠢᠭᠡᠨ ᠦᠷᠡᠵᠢᠭᠦᠯᠬᠦ ᠠᠷᠭ᠎ᠠ ᠮᠡᠷᠭᠡᠵᠢᠯ ᠢ ᠨᠢ ᠲᠡᠭᠡᠭᠰᠢᠯᠡᠬᠦᠯᠦᠨ᠂  ᠲᠡᠳᠡᠨ ᠢ ᠭᠠᠴᠢᠭᠳᠠᠭᠤᠯᠵᠤ ᠪᠠᠶᠢᠭᠰᠠᠨ ᠨᠢᠬᠡ ᠪᠦᠯᠦᠭ ᠬᠦᠴᠢᠷ ᠠᠰᠠᠭᠤᠳᠠᠯ ᠢ   ᠨᠢ  ᠰᠢᠢᠳᠪᠦᠷᠢᠯᠡᠭᠡᠳ᠂  ᠺᠤᠸᠠᠩ ᠱᠠᠨ ᠲᠣᠰᠬᠤᠨ ᠤ  ᠲᠠᠷᠢᠶᠠᠴᠢᠳ ᠤᠨ ᠮᠠᠭᠳᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号