ᠦᠨᠳᠦᠰᠦᠨ ᠱᠠᠲᠤᠨ ᠳᠤ ᠶᠠᠪᠤᠭᠳᠠᠭ᠎ᠠ ᠦᠯᠢᠭᠡᠷ ᠲᠠᠭᠤᠷᠢᠶᠠᠯ ᠤᠨ ᠤᠬᠠᠭᠤᠯᠭ᠎ᠠ
ᠨᠡᠶᠢᠲᠡᠯᠡᠭᠰᠡᠨ ᠴᠠᠭ᠄
2022/4/7
 ︽ᠲᠡᠷᠭᠡᠳᠡᠬᠢ ᠦᠯᠢᠬᠡᠷ ᠳᠠᠭᠤᠷᠢᠶᠠᠯ︾   ᠤᠨ ᠤᠬᠠᠭᠤᠯᠭ᠎ᠠ ᠬᠥᠮᠦᠵᠢᠯ ᠢ ᠴᠢᠨᠠᠭᠰᠢᠳᠠ ᠭᠦᠨᠵᠡᠭᠡᠶᠢᠷᠡᠭᠦᠯᠵᠦ᠂ ᠳᠡᠷᠭᠡᠳᠡᠬᠢ ᠦᠯᠢᠬᠡᠷ ᠳᠠᠭᠤᠷᠢᠶᠠᠯ ᠢᠶᠠᠷ ᠬᠦᠮᠦᠨ ᠠᠷᠠᠳ ᠢ ᠨᠦᠯᠦᠬᠡᠯᠡᠨ ᠲᠠᠶᠢᠴᠢᠯᠠᠵᠤ ᠤᠷᠮᠠᠰᠢᠭᠤᠯᠤᠨ ᠵᠤᠷᠢᠬᠵᠢᠭᠤᠯᠬᠤ ᠶᠢᠨ ᠲᠦᠯᠦᠭᠡ᠂  ᠲᠠᠶᠢᠹᠤᠰᠧ ᠬᠤᠰᠢᠭᠤᠨ ᠤ ᠬᠢᠨ ᠦᠯᠢᠭᠡᠷ ᠲᠠᠭᠤᠷᠢᠶᠠᠯ ᠢ ᠦᠨᠳᠦᠰᠦᠨ ᠱᠠᠲᠤᠨ ᠳᠤ ᠤᠷᠤᠭᠤᠯᠬᠤ ᠤᠬᠠᠭᠤᠯᠭ᠎ᠠ ᠲᠠᠶᠢᠯᠤᠮᠵᠢ ᠶᠢᠨ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ  ᠤ ᠵᠢᠱᠢᠶᠡᠴᠢ ᠠᠴᠠ  ᠰᠤᠷᠤᠯᠴᠠᠨ᠂ ᠵᠢᠱᠢᠶᠡᠴᠢ ᠶᠢ ᠬᠦᠨᠳᠦᠳᠬᠡᠵᠦ᠂ ᠵᠢᠱᠢᠶᠡᠴᠢ ᠪᠣᠯᠬᠤ ᠪᠠᠷ ᠴᠢᠷᠮᠠᠶᠢᠬᠤ ᠶᠢ ᠲᠠᠶᠢᠴᠢᠯᠠᠨ ᠵᠢᠯᠤᠭᠤᠳᠴᠤ ᠪᠠᠶᠢᠨ᠎ᠠ᠃  ᠬᠤᠰᠢᠭᠤᠨ ᠤ ᠤᠬᠠᠭᠤᠯᠬᠤ ᠬᠡᠯᠲᠡᠰ ᠨᠢ ᠤᠬᠠᠭᠤᠯᠤᠨ ᠲᠠᠶᠢᠯᠪᠤᠷᠢᠯᠠᠬᠤ ᠡᠩᠨᠡᠭᠡ  ᠪᠠᠨ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠶᠢ ᠰᠢᠨᠡᠴᠢᠯᠡᠨ᠂ ᠤᠨᠤᠯ ᠤᠨ ᠤᠬᠠᠭᠤᠯᠭ᠎ᠠ᠂ ᠦᠯᠢᠭᠡᠷ ᠢᠶᠠᠨ ᠶᠠᠷᠢᠬᠤ  ᠂ ᠲᠤᠷᠰᠢᠯᠭ᠎ᠠ ᠪᠠᠨ ᠰᠣᠯᠢᠯᠴᠠᠬᠤ᠂ ᠤᠯᠤᠰ ᠤᠨ ᠲᠤᠭ ᠤᠨ ᠳᠣᠣᠷ᠎ᠠ ᠶᠠᠷᠢᠶ᠎ᠠ ᠢᠯᠡᠳᠬᠡᠯ ᠬᠢᠬᠦ ᠵᠡᠷᠭᠡ ᠬᠡᠯᠪᠡᠷᠢ ᠪᠠᠷ ᠤᠬᠠᠭᠤᠯᠭ᠎ᠠ ᠶᠢᠨ ᠠᠴᠢᠶᠠᠯᠠᠪᠤᠷᠢ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ ᠥᠷᠭᠡᠳᠬᠡᠵᠦ᠂  ᠦᠯᠢᠭᠡᠷ ᠵᠢᠱᠢᠶ᠎ᠡ ᠶᠢ ᠪᠠᠶᠢᠭᠤᠯᠭ᠎ᠠ ᠳᠤ ᠣᠷᠣᠭᠤᠯᠬᠤ᠂ ᠭᠠᠴᠠᠭ᠎ᠠ ᠲᠣᠰᠬᠤᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ ᠶᠢ ᠦᠷᠭᠦᠯᠵᠢᠯᠡᠨ ᠠᠬᠢᠭᠤᠯᠵᠤ᠂ ᠤᠬᠠᠭᠤᠯᠭ᠎ᠠ ᠲᠠᠶᠢᠯᠤᠮᠵᠵᠢ ᠶᠢᠨ ᠦᠷ᠎ᠡ ᠪᠦᠲᠦᠮᠵᠢ ᠶᠢ ᠪᠦᠬᠦ ᠬᠦᠴᠦᠨ ᠢᠶᠠᠷ ᠳᠡᠭᠡᠭᠰᠢᠯᠡᠭᠦᠯᠪᠡ᠃ ᠲᠤᠬᠠᠶᠢᠯᠠᠪᠠᠯ᠂  ᠨᠢᠬᠡ ᠳᠤᠨᠢ  ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠠᠶᠢᠯᠪᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠨ᠂  ᠺᠠᠳ᠋ᠷ ᠠᠵᠢᠯᠲᠠᠨ ᠤ ᠨᠡᠩ ᠤᠬᠠᠮᠰᠠᠷ ᠠᠴᠠ ᠪᠠᠨ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠬᠦᠳᠦᠯᠦᠨ ᠵᠢᠯᠤᠭᠤᠳᠴᠠᠢ᠃ ᠬᠤᠶᠠᠷ ᠲᠤᠨᠢ ᠰᠠᠶᠢᠨ ᠰᠠᠶᠢᠬᠠᠨ ᠭᠡᠷ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠭᠠᠯ ᠤᠨ ᠦᠢᠯᠡ ᠠᠵᠢᠯᠯᠠᠭ᠎ᠠ ᠶᠢ ᠶᠠᠷᠢᠵᠤ᠂ ︽ᠪᠣᠯᠪᠠᠰᠤᠨ ᠢ ᠡᠷᠬᠢᠮᠯᠡᠬᠦ᠂ ᠦᠨᠡᠨᠴᠢ ᠢᠲᠡᠭᠡᠮᠵᠢᠲᠡᠢ ᠪᠠᠶᠢᠬᠤ᠂ ᠰᠠᠶᠢᠨ ᠭᠡᠷ ᠤᠨ ᠰᠤᠷᠲᠠᠯ ᠢ ᠤᠯᠠᠮᠵᠢᠯᠠᠬᠤ᠂  ᠰᠢᠯᠢᠳᠡᠭ ᠶᠣᠰᠣ ᠮᠣᠷᠠᠯ ᠢ ᠪᠠᠳᠠᠷᠠᠭᠤᠯᠬᠤ︾ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠨ᠂ ᠰᠢᠯᠢᠳᠡᠭ ᠰᠠᠶᠢᠨ ᠭᠡᠷ ᠤᠨ ᠰᠤᠷᠲᠠᠯ ᠢᠶᠠᠷ ᠠᠷᠠᠳ ᠤᠨ ᠰᠤᠷᠲᠠᠯ ᠢ  ᠲᠠᠶᠢᠴᠢᠯᠠᠭᠰᠠᠨ ᠪᠠᠶᠢᠨ᠎ᠠ᠃  ᠭᠤᠷᠪᠠ ᠳᠤᠨᠢ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠠᠶᠢᠨ ᠳᠤᠷ᠎ᠠ ᠶᠢᠨ ᠦᠢᠯᠡᠴᠢᠯᠡᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠨᠠᠮ ᠤᠨ ᠠᠵᠢᠯ ᠵᠡᠷᠭᠡ ᠲᠠᠯ᠎ᠠ ᠪᠠᠷ ᠠᠷᠭ᠎ᠠ ᠲᠤᠷᠰᠢᠯᠭ᠎ᠠ ᠪᠠᠨ ᠰᠣᠯᠢᠯᠴᠠᠵᠤ᠂ ᠬᠥᠮᠥᠰ ᠲᠤ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠴᠦ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠵᠤ ᠴᠢᠳᠠᠨ᠎ᠠ ᠭᠡᠳᠡᠭ ᠢ ᠭᠦᠨᠵᠡᠭᠡᠢ ᠲᠠᠨᠢᠭᠤᠯᠪᠠ᠃  ᠪᠦᠬᠦ ᠤᠯᠤᠰ ᠤᠨ ᠰᠢᠯᠢᠳᠡᠭ ᠬᠠᠤᠯᠢ   ᠶᠢᠨ ᠠᠵᠢᠯᠳᠠᠨ ᠂  ᠣᠷᠣᠨ ᠤ ᠲᠡᠰ ᠤᠨ ᠰᠢᠯᠢᠳᠡᠭ ᠠᠵᠢᠯᠲᠠᠨ  ᠂ ᠰᠠᠶᠢᠨ ᠠᠯᠪᠠᠲᠠᠨ  ᠂ ᠳᠡᠷᠭᠡᠳᠡᠬᠢ ᠰᠠᠶᠢᠨ ᠬᠥᠮᠥᠨ  ᠂ ᠰᠢᠯᠢᠳᠡᠭ ᠠᠵᠤ ᠦᠢᠯᠡᠰ ᠤᠨ ᠬᠥᠭᠵᠢᠯᠲᠡ ᠶᠢᠨ ᠵᠢᠭᠠᠨ ᠵᠢᠯᠣᠭᠤᠳᠤᠭᠴᠢ᠂  ᠰᠢᠯᠢᠳᠡᠭ ᠡᠪᠯᠡᠯ ᠤᠨ ᠺᠠᠳ᠋ᠷ ᠵᠡᠷᠭᠡ ᠡᠯ᠎ᠡ ᠲᠦᠷᠦᠯ ᠤᠨ ᠠᠵᠢᠯ ᠤᠨ ᠹᠠᠷᠤᠨᠲ ᠠᠴᠠ ᠢᠷᠡᠭᠰᠡᠨ ᠰᠠᠶᠢᠴᠤᠤᠯ ᠥᠪᠡᠷ ᠤᠨ ᠠᠵᠢᠯ ᠲᠥᠷᠥᠯ ᠤᠨ ᠣᠨᠴᠠᠯᠢᠭ ᠢᠶᠠᠷ ᠢᠶᠠᠨ ᠭᠤᠣᠯᠯᠠᠭᠤᠯᠤᠨ᠂ ᠲᠡᠷᠢᠭᠦᠨ ᠤ ᠦᠶᠯᠡ ᠠᠵᠢᠯᠯᠠᠭ᠎ᠠ ᠶᠢ ᠤᠬᠠᠭᠤᠯᠤᠨ  ᠲᠠᠶᠢᠯᠪᠤᠷᠢᠯᠠᠵᠤ ᠪᠠᠶᠢᠨ᠎ᠠ᠃ ᠤᠳᠠᠭ᠎ᠠ ᠪᠦᠷᠢ ᠶᠢᠨ ᠤᠬᠠᠭᠤᠯᠭ᠎ᠠ ᠲᠠᠶᠢᠯᠤᠮᠵᠢ ᠨᠢ ᠴᠢᠩᠭ᠎ᠠ ᠨᠢᠮᠪᠠᠢ ᠪᠥᠭᠡᠳ ᠠᠮᠢᠳᠤᠯᠢᠭ ᠰᠠᠶᠢᠬᠠᠨ ᠶᠠᠪᠤᠭᠳᠠᠵᠤ᠂ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢᠶᠠᠷ ᠴᠢᠩᠭ᠎ᠠ᠂ ᠨᠥᠯᠥᠭᠡᠯᠡᠬᠦ ᠬᠦᠴᠦᠨ ᠪᠠ ᠲᠠᠶᠢᠴᠢᠯᠠᠬᠤ ᠬᠦᠴᠦᠨ ᠢᠶᠠᠷ ᠪᠢᠯᠬᠠᠮ᠎ᠠ ᠪᠠᠶᠢᠵᠤ᠂  ᠦᠯᠢᠭᠡᠷ ᠳᠠᠭᠤᠷᠢᠶᠠᠯ ᠢᠶᠠᠷ ᠤᠯᠠᠨ ᠲᠦᠮᠡᠨ ᠢ ᠵᠣᠷᠢᠭᠵᠢᠭᠤᠯᠤᠨ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠢᠳᠡᠪᠬᠢᠲᠡᠢ ᠦᠢᠯᠡᠳᠦᠯᠭᠡᠵᠢᠭᠦᠯᠵᠦ᠂  ᠦᠯᠢᠭᠡᠷ ᠲᠠᠭᠤᠷᠢᠶᠠᠯ ᠠᠴᠠ ᠲᠠᠭᠠᠨ ᠰᠤᠷᠤᠯᠴᠠᠵᠤ᠂  ᠥᠭᠡᠳᠡᠯᠡᠨ ᠳᠠᠪᠰᠢᠵᠤ  ᠤᠷᠤᠭᠰᠢᠯᠠᠨ ᠴᠢᠷᠮᠠᠶᠢᠬᠤ ᠨᠡᠶᠢᠭᠡᠮ ᠤᠨ ᠢᠳᠡᠪᠬᠢ ᠬᠦᠴᠦᠨ ᠢ ᠪᠤᠢ ᠪᠣᠯᠭᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号