ᠲᠠᠪᠤᠳᠤᠭᠠᠷ ᠬᠤᠭᠤᠴᠠᠭᠠᠨ ᠤ  ︽5.4︾  ᠮᠧᠲᠠᠯᠳᠤ ᠬᠤᠪᠢ ᠬᠦᠮᠦᠨ ᠪᠠ ᠨᠢᠬᠡᠴᠡ ᠬᠠᠮᠳᠤ ᠶᠢ ᠮᠠᠭᠠᠳᠯᠠᠨ ᠲᠣᠭᠲᠠᠭᠠᠬᠤ ᠲᠤᠬᠠᠢ ᠲᠣᠭᠲᠠᠭᠠᠯ
ᠨᠡᠶᠢᠲᠡᠯᠡᠭᠰᠡᠨ ᠴᠠᠭ᠄
2022/5/1
ᠲᠠᠶᠢᠹᠤᠰᠧ ᠬᠤᠰᠢᠭᠤᠨ ᠤ ᠵᠠᠯᠠᠭᠤᠴᠤᠳ ᠤᠨ ︽5.4︾  ᠱᠠᠩᠨᠠᠯ ᠤᠨ ᠲᠡᠮᠳᠡᠭ ᠪᠣᠯ ᠡᠪ ᠬᠠᠮᠳᠤ ᠵᠠᠯᠠᠭᠤᠴᠤᠳ  ᠤᠨ ᠡᠪᠯᠡᠯ ᠤᠨ ᠲᠠᠶᠢᠹᠤᠰᠧ ᠬᠤᠰᠢᠭᠤᠨ ᠤ ᠬᠤᠷᠢᠶ᠎ᠠ ᠠᠴᠠ ᠪᠦᠬᠦ ᠬᠤᠰᠢᠭᠤᠨ ᠤ ᠰᠢᠯᠢᠳᠡᠭ ᠵᠠᠯᠠᠭᠤᠴᠤᠳ ᠲᠤ ᠣᠯᠭᠤᠭᠰᠠᠨ ᠬᠠᠮᠤᠭ ᠤᠨ ᠳᠡᠭᠡᠳᠦ ᠢᠷᠠᠭᠤ ᠠᠯᠳᠠᠷ ᠪᠠᠶᠢᠵᠤ᠂ ᠤᠯᠤᠰ ᠲᠦᠷᠦ ᠶᠢᠨ ᠲᠠᠯ᠎ᠠ ᠪᠠᠷ ᠲᠠᠪᠰᠢᠩᠭᠤᠢ᠂ ᠡᠷᠬᠢᠮ ᠳᠡᠭᠡᠳᠦ ᠵᠠᠩ ᠮᠣᠷᠠᠯ ᠲᠠᠢ᠂ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠰᠢᠯᠢᠳᠡᠭ ᠵᠠᠯᠠᠭᠤᠴᠤᠳ ᠤᠨ ᠨᠡᠶᠢᠲᠡᠯᠢᠭ ᠵᠢᠱᠢᠶ᠎ᠡ ᠶᠢ ᠪᠤᠢ ᠪᠤᠯᠭᠠᠨ᠂  ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠤᠶᠤᠨ ᠰᠠᠨᠠᠭᠠᠨ ᠤ ᠬᠡᠪ ᠴᠢᠨᠠᠷ ᠪᠣᠯᠣᠨ ᠦᠷᠳᠡᠭ ᠤᠨ ᠬᠥᠭᠡᠭᠡᠴᠡᠯᠳᠦᠯ ᠢ ᠲᠤᠰᠬᠠᠬᠤ ᠪᠠᠷ ᠵᠣᠷᠢᠯᠭ᠎ᠠ ᠪᠣᠯᠭᠠᠭᠰᠠᠨ ᠶᠤᠮ᠃  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠪᠠ ᠵᠢᠯᠣᠭᠤᠳᠤᠯᠭ᠎ᠠ ᠳᠣᠣᠷ᠎ᠠ᠂ ᠪᠦᠬᠦ ᠬᠤᠰᠢᠭᠤᠨ ᠤ ᠡᠯ᠎ᠡ ᠦᠨᠳᠦᠰᠦᠲᠡᠨ ᠡᠯ᠎ᠡ ᠡᠲᠡᠭᠡᠳ ᠤᠨ ᠵᠠᠯᠠᠭᠤᠴᠤᠳ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ︽ᠲᠠᠪᠤᠨ ᠰᠠᠷ᠎ᠠ ᠶᠢᠨ ᠳᠥᠷᠪᠡᠨ︾ ᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠨ᠂ ᠵᠣᠷᠢᠭᠲᠠᠢ ᠪᠠᠷ ᠡᠷᠡᠯᠬᠡᠭᠯᠡᠨ ᠲᠡᠮᠡᠴᠡᠵᠦ᠂ ᠦᠨᠡᠨᠴᠢ ᠰᠢᠳᠤᠷᠭᠤ ᠪᠠᠷ ᠴᠢᠷᠮᠠᠶᠢᠨ ᠠᠵᠢᠯᠯᠠᠭᠠᠳ᠂ ᠮᠠᠨ ᠤ ᠬᠤᠰᠢᠭᠤᠨ ᠤ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠲᠣᠭᠲᠠᠭᠤᠨ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠨᠢᠭᠡ ᠪᠦᠯᠦᠭ ᠲᠡᠷᠢᠭᠦᠨ ᠤ ᠨᠡᠶᠢᠲᠡᠯᠢᠭ ᠵᠢᠱᠢᠶ᠎ᠡ ᠴᠣᠯᠭᠤᠷᠠᠨ ᠭᠠᠷᠤᠭᠰᠠᠨ ᠪᠠᠶᠢᠨ᠎ᠠ᠃ ᠲᠡᠳᠡᠨ ᠤ ᠲᠡᠷᠢᠭᠦᠨ ᠤ ᠦᠢᠯᠡ ᠠᠵᠢᠯᠯᠠᠭ᠎ᠠ ᠶᠢ ᠬᠥᠬᠢᠭᠦᠯᠦᠨ ᠰᠠᠶᠢᠰᠢᠶᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠪᠤᠶ ᠪᠤᠯᠭᠠᠨ᠂ ᠪᠦᠬᠦ ᠬᠤᠰᠢᠭᠤᠨ ᠤ ᠵᠠᠯᠠᠭᠤᠴᠤᠳ ᠤᠨ ᠳᠤᠮᠳᠠ ᠲᠡᠷᠢᠭᠦᠨ ᠤ ᠬᠢ ᠠᠴᠠ ᠰᠤᠷᠤᠯᠴᠠᠬᠤ᠂ ᠲᠡᠷᠢᠭᠦᠨ ᠤ ᠬᠢ ᠶᠢ ᠡᠷᠬᠢᠮᠯᠡᠬᠦ᠂ ᠲᠡᠷᠢᠭᠦᠨ ᠤ ᠪᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠬᠡᠪ ᠰᠤᠷᠲᠠᠯ ᠢ ᠲᠡᠯᠬᠡᠷᠡᠬᠦᠯᠬᠦ ᠶᠢᠨ ᠲᠦᠯᠦᠭᠡ᠂  ᠲᠠᠨᠢᠯᠴᠠᠭᠤᠯᠬᠤ᠂ ᠬᠢᠨᠠᠨ ᠲᠣᠭᠲᠠᠭᠠᠬᠤ ᠪᠠ  ᠢᠯᠡ ᠨᠡᠶᠢᠲᠡᠯᠡᠬᠦ ᠪᠠᠷ ᠲᠠᠮᠵᠢᠭᠠᠳ᠂ ᠵᠠᠩ ᠰᠢᠶᠣᠣ ᠢᠦᠢ ᠵᠡᠷᠭᠡ 8 ᠬᠦᠮᠦᠨ ᠪᠠ ᠥᠪᠥᠷ ᠮᠣᠩᠭᠤᠯ ᠤᠨ ︽ᠨᠤᠮᠢᠨ ᠪᠥᠮᠪᠥᠷᠴᠡᠭ︾  ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 6 ᠬᠠᠮᠲᠤ ᠳᠤ ᠲᠠᠪᠤᠳᠤᠭᠠᠷ ᠬᠤᠭᠤᠴᠠᠭᠠᠨ ᠤ ︽5.4︾  ᠮᠧᠳᠠᠯ ᠢ ᠤᠯᠭᠤᠬᠤ ᠪᠠᠷ ᠮᠠᠭᠠᠳᠯᠠᠨ ᠲᠣᠭᠲᠠᠭᠠᠪᠠ᠃ ᠡᠳᠡᠭᠡᠷ ᠬᠤᠪᠢ ᠬᠦᠮᠦᠨ ᠪᠠ ᠨᠢᠬᠡᠴᠡ ᠬᠠᠮᠲᠤ ᠨᠢ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠲᠡᠨ ᠤ ᠪᠦᠯᠬᠦᠮᠳᠡᠯ᠂ ᠴᠢᠨᠠᠷ ᠰᠠᠶᠢᠲᠠᠢ ᠬᠥᠭᠵᠢᠯᠲᠡ ᠵᠡᠷᠭᠡ ᠴᠢᠬᠤᠯᠠ ᠶᠡᠭᠡ ᠠᠵᠢᠯ ᠡᠭᠦᠷᠭᠡ ᠶᠢᠨ ᠳᠤᠮᠳᠠ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠭᠠᠪᠢᠶ᠎ᠠ ᠵᠢᠳᠬᠦᠯ ᠪᠠᠶᠢᠭᠤᠯᠵᠤ᠂ ᠨᠡᠶᠢᠭᠡᠮ ᠵᠢᠷᠤᠮ ᠤᠨ  ᠭᠤᠤᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠬᠡᠵᠢᠬᠦᠯᠦᠭᠡᠳ ᠲᠣᠪᠣᠶᠢᠮ᠎ᠠ ᠠᠮᠵᠢᠯᠲᠠ ᠪᠦᠲᠦᠮᠵᠢ ᠣᠯᠣᠭᠰᠠᠨ ᠪᠠᠶᠢᠨ᠎ᠠ᠃ 2022 ᠣᠨ ᠳᠤ᠂ ᠨᠠᠮ ᠤᠨ ᠬᠤᠷᠢᠳᠤᠭᠠᠷ  ᠶᠡᠭᠡ ᠬᠤᠷᠠᠯ ᠬᠤᠷᠠᠯᠳᠤᠵᠤ᠂ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠴᠦ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠪᠠᠨ ᠤᠭᠲᠤᠬᠤ ᠪᠣᠯᠣᠨ᠎ᠠ᠂ ᠱᠠᠩᠨᠠᠯ ᠬᠦᠷᠳᠡᠭᠰᠡᠨ ᠬᠤᠪᠢ ᠬᠥᠮᠥᠨ ᠪᠠ ᠨᠢᠬᠡᠴᠡ ᠬᠠᠮᠲᠤ ᠨᠢ ᠢᠷᠠᠭᠤ ᠠᠯᠳᠠᠷ ᠢᠶᠠᠨ ᠨᠠᠨᠳᠢᠩᠨᠠᠵᠤ᠂ ᠳᠠᠬᠢᠨᠲᠠ ᠰᠢᠯᠢᠳᠡᠭ ᠠᠮᠵᠢᠯᠲᠠ ᠭᠠᠷᠭᠠᠬᠤ ᠶᠢ ᠬᠦᠰᠡᠵᠦ ᠪᠠᠶᠢᠨ᠎ᠠ᠃ ᠪᠦᠬᠦ ᠬᠤᠰᠢᠭᠤᠨ ᠤ ᠡᠯ᠎ᠡ ᠦᠨᠳᠦᠰᠦᠲᠡᠨ ᠡᠯ᠎ᠡ ᠡᠲᠡᠭᠡᠳ ᠤᠨ ᠵᠠᠯᠠᠭᠤᠴᠤᠳ ᠲᠡᠳᠡᠨ ᠢᠶᠠᠷ ᠦᠯᠢᠭᠡᠷ ᠳᠠᠭᠤᠷᠢᠶᠠᠯ ᠪᠣᠯᠭᠠᠵᠤ  ᠂ ᠲᠡᠳᠡᠨ ᠤ ᠡᠬᠡ ᠤᠯᠤᠰ ᠢᠶᠠᠨ ᠬᠠᠶᠢᠷᠠᠯᠠᠬᠤ᠂ ᠡᠬᠡ ᠤᠯᠤᠰ ᠲᠠᠭᠠᠨ ᠬᠦᠴᠦ ᠪᠠᠨ ᠡᠷᠭᠦᠬᠦ  ᠤᠷᠮ᠎ᠠ ᠵᠤᠷᠢᠭ ᠠᠴᠠ ᠨᠢ ᠰᠤᠷᠤᠯᠴᠠᠵᠤ᠂ ᠲᠡᠳᠡᠨ ᠤ ᠰᠢᠨᠵᠢᠯᠡᠬᠦ ᠤᠬᠠᠭᠠᠨ ᠢ ᠡᠷᠬᠢᠮᠯᠡᠬᠦ  ᠂ ᠬᠠᠶᠢᠨ ᠰᠦᠪᠡᠭᠴᠢᠯᠡᠵᠦ ᠤᠷᠤᠭᠰᠢᠯᠠᠨ ᠲᠠᠪᠰᠢᠬᠤ ᠵᠣᠷᠢᠭ ᠰᠠᠨᠠᠭ᠎ᠠ ᠶᠢ ᠨᠢ ᠰᠤᠷᠤᠯᠴᠠᠵᠤ᠂ ᠲᠡᠳᠡᠨ ᠤ ᠴᠢᠷᠮᠠᠶᠢᠨ ᠲᠡᠮᠡᠴᠡᠬᠦ᠂ ᠭᠤᠶᠠᠴᠢ ᠦᠭᠡᠢ ᠵᠢᠳᠬᠦᠬᠦ ᠡᠷᠬᠢᠮ ᠳᠡᠭᠡᠳᠦ ᠵᠠᠩ ᠴᠢᠨᠠᠷ ᠢ ᠨᠢ ᠰᠤᠷᠤᠯᠴᠠᠵᠤ᠂ ᠲᠡᠳᠡᠨ ᠤ ᠦᠢᠯᠡᠳᠦᠯᠭᠡ ᠳᠤ ᠣᠷᠤᠯᠴᠠᠬᠤ᠂ ᠦᠨᠳᠦᠰᠦᠨ ᠱᠠᠲᠤᠨ ᠳᠤ ᠦᠢᠯᠡᠴᠢᠯᠡᠬᠦ ᠤᠪᠤᠷ ᠰᠤᠷᠲᠠᠯ ᠢ ᠨᠢ ᠰᠤᠷᠤᠯᠴᠠᠵᠤ᠂ ᠪᠠᠶᠠᠨ ᠴᠢᠨᠡᠭᠡᠯᠢᠭ᠂ ᠪᠣᠯᠪᠠᠰᠤᠨ ᠰᠠᠶᠢᠬᠠᠨ᠂ ᠡᠶ᠎ᠡ ᠵᠣᠬᠢᠴᠠᠯ ᠲᠠᠢ᠂ ᠦᠵᠡᠰᠬᠦᠯᠡᠩᠲᠦ ᠲᠠᠩᠰᠤᠭ ᠲᠠᠶᠢᠹᠤᠰᠧ ᠬᠤᠰᠢᠭᠤ ᠶᠢ ᠪᠠᠶᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠬᠦᠨ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃                           ᠡᠪ ᠬᠠᠮᠲᠤ ᠵᠠᠯᠠᠭᠤᠴᠤᠳ ᠤᠨ ᠡᠪᠯᠡᠯ ᠤᠨ ᠲᠠᠶᠢᠹᠤᠰᠧ ᠬᠤᠰᠢᠭᠤᠨ ᠤ ᠬᠤᠷᠢᠶ᠎ᠠ                         2022 ᠣᠨ ᠤ 4 ᠰᠠᠷ᠎ᠠ ᠶᠢᠨ 29 ᠤ ᠡᠳᠦᠷ        ᠲᠠᠪᠤᠳᠤᠭᠠᠷ ᠬᠤᠭᠤᠴᠠᠭᠠᠨ ᠤ ︽5.4︾  ᠮᠧᠳᠠᠯ ᠬᠦᠷᠳᠡᠭᠰᠡᠨ ᠬᠤᠪᠢ ᠬᠦᠮᠦᠨ᠄      ᠵᠠᠩ ᠰᠢᠶᠣᠣ ᠢᠦᠢ     ᠲᠠᠶᠢᠹᠤᠰᠧ ᠬᠤᠰᠢᠭᠤᠨ ᠤ ᠰᠢᠨ ᠢ ᠳ᠋ᠡ ᠲᠡᠵᠢᠬᠡᠨ ᠦᠷᠡᠵᠢᠬᠦᠯᠬᠦ ᠲᠤᠰᠬᠠᠢ ᠬᠤᠷᠰᠢᠶᠠᠵᠢᠯ ᠤᠨ ᠬᠠᠷᠢᠭᠤᠴᠠᠯᠭᠠᠲᠠᠨ      ᠯᠢᠦ ᡁᠢ ᠬᠤᠸᠠ       ᠶᠦᠩ ᠹᠧᠩ ᠪᠠᠯᠭᠠᠰᠤᠨ ᠤ ᠱᠠᠩ ᠫᠢ ᠹᠠᠩ ᠲᠤᠰᠬᠤᠨ ᠤ ᠨᠠᠮ ᠤᠨ ᠡᠭᠦᠷ ᠤᠨ ᠳᠡᠳ᠋ ᠱᠦᠵᠢ      ᠳ᠋ᠦᠩ ᠴᠧᠨ ᠴᠢ      ᠲᠠᠶᠢᠹᠤᠰᠧ ᠬᠤᠰᠢᠭᠤᠨ ᠤ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠩᠭᠢ ᠶᠢᠨ ᠳᠡᠳ᠋ ᠳᠠᠷᠤᠭ᠎ᠠ᠂ ᠲᠸᠦ ᠬᠤᠤ ᠲᠤᠰᠬᠤᠨ ᠳᠤ ᠰᠠᠭᠤᠭ᠎ᠠ ᠨᠢᠭᠡᠳᠦᠭᠡᠷ ᠱᠦᠵᠢ      ᠦ᠋ ᠽᠧ ᠺᠦᠨ        ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ ᠶᠢᠨ ᠳᠡᠳ᠋ ᠳᠠᠷᠤᠭ᠎ᠠ      ᠠᠰᠬᠠᠨ             ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠰᠦᠯᠵᠢᠶᠡᠨ ᠤ ᠪᠠᠳᠤᠯᠠᠭᠠᠨ ᠤ ᠲᠠᠰᠤᠭ ᠤᠨ ᠳᠠᠷᠤᠭ᠎ᠠ᠂ ᠬᠤ᠋ ᠯᠦ ᠢᠦᠢ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ      ᠡᠷᠳᠡᠨᠢ              ᠲᠠᠶᠢᠹᠤᠰᠧ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ ᠤ ᠠᠵᠢᠯᠲᠠᠨ᠂ ᠦᠴᠢ ᠣᠪᠣᠭ᠎ᠠ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ      ᠵᠢᠶᠠ ᠴᠧᠨ          ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠠᠵᠢᠯᠳᠠᠨ᠂  ᠬᠤᠩ ᠸᠧᠢ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ      ᠷᠧᠨ ᠶᠢᠩ           ᠲᠠᠶᠢᠹᠤᠰᠧ ᠬᠤᠰᠢᠭᠤᠨ ᠤ ᠲᠤᠭ᠎ᠠ ᠪᠦᠷᠢᠳᠭᠡᠯ ᠤᠨ ᠲᠤᠪᠴᠢᠶᠠᠨ ᠤ ᠠᠵᠢᠯᠳᠠᠨ᠂  ᠰᠢᠶᠠ ᠫᠢ ᠹᠠᠩ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ      ᠲᠠᠪᠤᠳᠤᠭᠠᠷ ᠬᠤᠭᠤᠴᠠᠭᠠᠨ ᠤ ︽5.4︾  ᠮᠧᠳᠠᠯ ᠬᠦᠷᠳᠡᠭᠰᠡᠨ ᠨᠢᠬᠡᠴᠡ ᠬᠠᠮᠳᠤ᠄     ᠥᠪᠥᠷ ᠮᠣᠩᠭᠤᠯ ᠤᠨ ︽ ᠨᠤᠮᠢᠨ  ᠪᠥᠮᠪᠥᠷᠴᠡᠭ︾  ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ       ᠲᠠᠶᠢᠹᠤᠰᠧ ᠬᠤᠰᠢᠭᠤᠨ ᠤ ᠡᠮᠨᠡᠯᠭᠡ ᠶᠢᠨ ᠬᠤᠷᠢᠶᠠᠨ ᠤ ᠰᠢᠯᠭᠠᠨ ᠪᠠᠶᠢᠴᠠᠭᠠᠬᠤ ᠰᠠᠯᠠᠭ᠎ᠠ       ᠲᠠᠶᠢᠹᠤᠰᠧ ᠬᠤᠰᠢᠭᠤᠨ ᠤ ᠱᠧᠨ ᠨᠧᠩ ᠤᠮᠠᠷᠠᠲᠤ ᠶᠢᠨ ᠡᠨᠧᠷᠭᠢ ᠶᠢᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠱᠧᠨ ᠨᠧᠩ ᠢᠯᠴᠢ ᠴᠠᠬᠢᠯᠭᠠᠨ ᠤ ᠬᠡᠯᠲᠡᠰ       ᠲᠠᠶᠢᠹᠤᠰᠧ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠲᠦᠷᠭᠡᠨ ᠰᠢᠭᠦᠬᠦ ᠪᠦᠯᠬᠦᠮ       ᠲᠠᠶᠢᠹᠤᠰᠧ ᠬᠤᠰᠢᠭᠤᠨ ᠤ ᠤᠯᠠᠭᠠᠨᠮᠥ᠋ᠴᠢᠷ       ᠲᠠᠶᠢᠹᠤᠰᠧ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠤᠪᠴᠢᠶᠠᠨ ᠤ ᠨᠢᠭᠡᠳᠦᠭᠡᠷ ᠬᠤᠪᠢᠶᠠᠷᠢ ᠲᠣᠪᠴᠢᠶ᠎ᠠ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号