2022 ᠣᠨ ᠤ  ︽ᠲᠠᠪᠰᠢᠩᠭᠤᠢ ᠰᠠᠶᠢᠨ  ᠵᠠᠯᠠᠭᠤ︾ ᠢ ᠮᠠᠭᠠᠳᠯᠠᠨ ᠲᠣᠭᠲᠠᠭᠠᠬᠤ ᠲᠤᠬᠠᠢ ᠲᠣᠭᠲᠠᠭᠠᠯ
ᠨᠡᠶᠢᠲᠡᠯᠡᠭᠰᠡᠨ ᠴᠠᠭ᠄
2022/5/1
 ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠵᠠᠯᠠᠭᠤᠴᠤᠳ ᠪᠠᠭᠠᠴᠤᠳ ᠤᠨ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠪᠠᠶᠢᠭᠤᠯᠤᠯᠲᠠ ᠶᠢ ᠠᠬᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠦᠯᠢᠬᠡᠷ ᠲᠠᠭᠤᠷᠢᠶᠠᠯ ᠤᠨ ᠲᠠᠶᠢᠴᠢᠯᠠᠨ ᠲᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠦᠯᠦᠭᠡ᠂  ᠡᠪ ᠬᠠᠮᠲᠤ ᠵᠠᠯᠠᠭᠤᠴᠤᠳ ᠤᠨ ᠡᠪᠯᠡᠯ ᠤᠨ ᠲᠠᠶᠢᠹᠤᠰᠧ ᠬᠤᠰᠢᠭᠤᠨ ᠤ ᠬᠤᠷᠢᠶ᠎ᠠ ᠨᠢ 2022 ᠣᠨ ᠤ  ︽ᠲᠠᠪᠰᠢᠩᠭᠤᠢ ᠰᠠᠶᠢᠨ ᠵᠠᠯᠠᠭᠤ︾  ᠶᠢ ᠰᠢᠯᠭᠠᠷᠠᠭᠤᠯᠬᠤ ᠠᠵᠢᠯᠯᠠᠭ᠎ᠠ ᠥᠷᠨᠢᠭᠦᠯᠵᠦ᠂  ᠨᠡᠷ᠎ᠡ ᠲᠠᠨᠢᠯᠴᠠᠭᠤᠯᠬᠤ᠂ ᠬᠢᠷᠢ ᠬᠡᠮ ᠢ ᠬᠢᠨᠠᠨ ᠪᠠᠶᠢᠴᠠᠭᠠᠬᠤ᠂ ᠬᠢᠨᠠᠨ ᠲᠣᠭᠲᠠᠭᠠᠬᠤ᠂ ᠢᠯᠡ ᠨᠡᠶᠢᠲᠡᠯᠡᠬᠦ ᠪᠠᠷ ᠲᠠᠮᠵᠢᠭᠠᠳ᠂ 16 ᠬᠥᠮᠥᠨ ᠢ  2022 ᠣᠨ ᠤ ︽ᠲᠠᠪᠰᠢᠩᠭᠤᠢ ᠰᠠᠶᠢᠨ ᠵᠠᠯᠠᠭᠤ︾  ᠪᠠᠷ ᠮᠠᠭᠠᠳᠯᠠᠨ ᠲᠣᠭᠲᠠᠭᠠᠵᠠᠢ᠃  ᠪᠦᠬᠦ ᠬᠤᠰᠢᠭᠤᠨ ᠤ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠨᠢ ᠥᠷᠭᠡᠨ ᠣᠯᠠᠨ ᠡᠪᠯᠡᠯ ᠤᠨ ᠭᠡᠰᠢᠭᠦᠨ ᠵᠠᠯᠠᠭᠤᠴᠤᠳ ᠢ ᠳᠠᠭᠠᠭᠤᠯᠤᠨ ᠲᠡᠷᠢᠭᠦᠨ ᠤ ᠦᠯᠢᠭᠡᠷ ᠵᠢᠱᠢᠶ᠎ᠡ ᠪᠠᠷ ᠳᠠᠭᠤᠷᠢᠶᠠᠯ ᠪᠣᠯᠭᠠᠵᠤ᠂  ᠲᠡᠳᠡᠨ ᠠᠴᠠ ᠲᠠᠭᠠᠨ ᠰᠤᠷᠤᠯᠴᠠᠵᠤ᠂ ᠶᠣᠰᠣ ᠮᠤᠷᠠᠯ ᠢ ᠡᠷᠬᠢᠮᠯᠡᠨ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠵᠦᠪ ᠡᠨᠧᠷᠬᠢ ᠶᠢ ᠲᠠᠮᠵᠢᠭᠤᠯᠤᠨ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠰᠠᠨᠠᠭᠠᠴᠢᠯᠠᠭᠴᠢ ᠪᠠ ᠦᠢᠯᠡᠳᠦᠯᠭᠡᠵᠢᠭᠦᠯᠦᠭᠴᠢ ᠪᠤᠯᠵᠤ᠂ ᠪᠠᠶᠠᠨ ᠴᠢᠨᠡᠭᠡᠯᠢᠭ᠂ ᠪᠣᠯᠪᠠᠰᠤᠨ ᠰᠠᠶᠢᠬᠠᠨ᠂ ᠡᠶ᠎ᠡ ᠵᠣᠬᠢᠴᠠᠩᠭᠤᠢ᠂ ᠦᠵᠡᠰᠬᠦᠯᠡᠩᠲᠦ ᠲᠠᠩᠰᠤᠭ ᠲᠠᠶᠢᠹᠤᠰᠧ ᠬᠤᠰᠢᠭᠤ ᠶᠢ ᠪᠠᠶᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ  ᠡᠷᠬᠦᠬᠦ ᠭᠡᠷᠡᠭᠳᠡᠢ᠃                              ᠡᠪ ᠬᠠᠮᠲᠤ ᠵᠠᠯᠠᠭᠤᠴᠤᠳ ᠤᠨ ᠡᠪᠯᠡᠯ ᠤᠨ ᠲᠠᠶᠢᠹᠤᠰᠧ ᠬᠤᠰᠢᠭᠤᠨ ᠤ ᠬᠤᠷᠢᠶ᠎ᠠ              2022 ᠣᠨ ᠤ 4 ᠰᠠᠷ᠎ᠠ ᠶᠢᠨ 29 ᠤ ᠡᠳᠦᠷ      2022 ᠣᠨ ᠤ  ︽ᠲᠠᠪᠰᠢᠩᠭᠤᠢ ᠰᠠᠶᠢᠨ ᠵᠠᠯᠠᠭᠤ︾ ᠄      ᠶᠠᠩ ᠪᠥᠸᠧ         ᠲᠠᠶᠢᠹᠤᠰᠧ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠨᠠᠮ  ᠤᠨ ᠭᠡᠰᠢᠬᠦᠨ ᠣᠯᠠᠨ ᠲᠦᠮᠡᠨ ᠤ ᠬᠠᠮᠢᠶᠠᠷᠤᠯᠲᠠ ᠶᠢᠨ ᠲᠠᠰᠤᠭ ᠤᠨ ᠠᠵᠢᠯᠳᠠᠨ      ᠸᠠᠩ ᠱᠤ᠋ ᠴᠢ          ᠬᠤᠩ ᠴᠢ  ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠠᠵᠢᠯᠳᠠᠨ      ᠵᠠᠩ ᠱᠤᠸᠠᠢ           ᠬᠤᠰᠢᠭᠤ ᠨᠠᠮ ᠤᠨ ᠬᠤᠷᠢᠶᠠᠨ ᠤ ᠨᠢᠭᠤᠴᠠ ᠶᠢ ᠬᠠᠮᠠᠭᠠᠯᠠᠬᠤ ᠲᠣᠪᠴᠢᠶᠠᠨ ᠤ ᠠᠵᠢᠯᠳᠠᠨ᠂  ᠪᠤᠷᠤᠬᠤᠳᠠ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠨ      ᠦ᠋ ᠰᠢᠶᠣᠣ ᠯᠦᠩ      ᠬᠤᠰᠢᠭᠤ ᠨᠠᠮ ᠤᠨ ᠬᠤᠷᠢᠶᠠᠨ ᠤ ᠣᠷᠣᠨ ᠲᠤᠭ᠎ᠠ ᠲᠤᠭᠳᠠᠭᠠᠬᠤ ᠠᠯᠪᠠᠨ ᠭᠡᠷ ᠤᠨ ᠠᠵᠢᠯᠳᠠᠨ᠂  ᠳ᠋ᠦᠩ ᠭᠧᠦ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠨ      ᠬᠤᠸᠠᠩ ᠰᠢᠨ         ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ ᠤ ᠠᠵᠢᠯᠳᠠᠨ᠂  ᠬᠤᠶᠢᠳᠤ ᠸᠠᠶᠤᠤ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ      ᠳ᠋ᠦᠩ ᠶᠤᠸᠠᠨ ᠰᠢᠶᠠ   ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠤ ᠠᠵᠢᠯᠳᠠᠨ᠂ ᠶᠤᠸᠠᠢ ᠶᠢᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ      ᠪᠤᠤ ᠰᠠᠷᠠᠨ᠎ᠠ          ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠠᠵᠢᠯᠳᠠᠨ᠂ ᠦ᠋ ᠵᠢᠶᠠᠨ ᠹᠠᠩ ᠲᠣᠰᠬᠤᠨ ᠳᠤ ᠰᠠᠭᠤᠭ᠎ᠠ  ᠠᠵᠢᠯᠯᠠᠬᠤ ᠠᠩᠭᠢ ᠶᠢᠨ ᠭᠡᠰᠢᠭᠦᠨ      ᠯᠢᠦᠢ ᠰᠢᠨ ᠾᠧ      ᠬᠤᠩ ᠴᠢ ᠪᠠᠯᠭᠠᠰᠤᠨ ᠤ ᠬᠤᠩ ᠵᠢᠩ ᠲᠣᠰᠬᠤᠨ ᠤ ᠠᠷᠠᠳ ᠤᠨ ᠵᠦᠪᠯᠡᠯ ᠤᠨ ᠡᠷᠬᠢᠯᠡᠭᠴᠢ ᠶᠢᠨ ᠲᠤᠰᠠᠯᠠᠭᠴᠢ      ᠱᠢ ᠽᠧ ᠯᠢᠨ         ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠰᠢᠨ ᠬᠤᠸᠠ ᠲᠣᠮᠢᠯᠠᠭᠰᠠᠨ ᠰᠠᠯᠪᠤᠷᠢ ᠶᠢᠨ ᠴᠠᠭᠳᠠᠭ᠎ᠠ      ᠲᠢᠶᠠᠨ ᠫᠧᠩ          ᠬᠤᠰᠢᠭᠤᠨ ᠤ ᠣᠰᠣᠨ ᠠᠰᠢᠭᠯᠠᠯᠲᠠ ᠶᠢᠨ ᠲᠣᠪᠴᠢᠶᠠᠨ ᠤ ᠲᠡᠳ᠋ ᠳᠠᠷᠤᠭ᠎ᠠ      ᠦ᠋ ᠮᠧᠩ ᠵᠤ᠋          ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯᠳᠠᠨ‌ᠢ      ᠯᠢᠦᠢ ᠵᠢᠢ ᠸᠧᠢ         ᠬᠤᠰᠢᠭᠤᠨ ᠤ ᠲᠤᠭ᠎ᠠ ᠪᠦᠷᠢᠳᠬᠡᠯ ᠤᠨ ᠲᠤᠪᠴᠢᠶᠠᠨ ᠤ ᠠᠯᠪᠠᠨ ᠭᠡᠷ ᠤᠨ ᠡᠷᠬᠢᠯᠡᠭᠴᠢ      ᠵᠠᠩ ᠸᠧᠨ ᠲᠤᠤ       ᠴᠢᠶᠠᠨ ᠶᠢᠨ ᠭᠧᠦ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠭᠡᠰᠢᠭᠦᠨ      ᠬᠠᠢ ᠬᠤᠸᠠ           ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ      ᠯᠢᠦ ᠴᠦᠨ ᠵᠢᠶᠧ      ᠪᠤᠤᠴᠠᠩ ᠪᠠᠯᠭᠠᠰᠤᠨ ᠤ ᠵᠠᠰᠠᠭ ᠤᠨ ᠣᠷᠳᠣᠨ ᠤ ᠳᠡᠳ᠋  ᠪᠠᠯᠭᠠᠰᠤᠨ ᠳᠠᠷᠤᠭ᠎ᠠ     ᠴᠢᠶᠣᠤ ᠸᠧᠨ ᠵᠢᠶᠧ      ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠠᠵᠢᠯᠳᠠᠨ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号