ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ᠨᠢ ᠨᠠᠮ ᠪᠠ ᠲᠦᠷᠦ ᠶᠢᠨ ᠠᠵᠢᠯ ᠦᠢᠯᠡᠰ ᠤᠨ ᠪᠦᠬᠦ ᠲᠠᠯ᠎ᠠ ᠠᠴᠠ ᠡᠭᠦᠰᠴᠦ᠂ ᠠᠭᠤᠤ | ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠳᠦ ᠶᠢ | ᠨᠢᠬᠡᠳᠦᠯᠳᠡᠢ ᠵᠢᠯᠤᠭᠤᠳᠤᠨ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠥᠨᠳᠥᠷᠴᠡ ᠳᠤ ᠵᠣᠭᠰᠣᠵᠤ᠂ ᠨᠠᠮ ᠤᠨ | ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠠᠯᠢ ᠤᠯᠠᠨ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠵᠦ᠂ ᠰᠢᠨ᠎ᠡ ᠴᠠᠭ ᠦᠶ᠎ᠡ ᠳᠤ ᠤᠯᠤᠰ ᠲᠦᠷᠦ ᠶᠢᠨ ᠪᠠᠶᠢᠭᠤᠯᠤᠯᠲᠠ ᠪᠠᠷ | ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠳᠤ ᠴᠢᠭᠯᠡᠯ ᠵᠢᠭᠠᠵᠤ ᠮᠦᠷᠳᠡᠯᠭᠡ ᠬᠠᠩᠭᠠᠭᠰᠠᠨ ᠪᠠᠶᠢᠨ᠎ᠠ᠃ ᠡᠳᠦᠭᠡ | ᠪᠢ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ | ᠠᠮᠢᠳᠤᠷᠠᠯ ᠳᠠᠬᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠤᠨ ᠲᠤᠬᠠᠢ ᠤᠶᠢᠯᠠᠭᠠᠵᠤ ᠲᠠᠨᠢᠭᠰᠠᠨ ᠢᠶᠠᠨ | ᠬᠤᠪᠢᠶᠠᠯᠴᠠᠶ᠎ᠠ᠃ | ᠨᠢᠭᠡ ᠳᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠢᠲᠡᠭᠡᠯ ᠵᠣᠷᠢᠭ ᠲᠠᠢ ᠬᠢᠷᠢ | ᠲᠡᠩᠴᠡᠭᠰᠡᠨ ᠨᠠᠮ ᠤᠨ ᠭᠡᠰᠢᠭᠦᠨ ᠪᠤᠯᠤᠨ᠎ᠠ᠃ ᠨᠠᠮ ᠤᠨ ᠭᠡᠰᠢᠭᠦᠨ ᠤᠳᠤᠷᠢᠳᠬᠤ ᠺᠠᠳ᠋ᠷ ᠪᠣᠯᠤᠭᠰᠠᠨ ᠤ ᠬᠤᠪᠢ ᠳᠤ᠂ | ᠠᠵᠢᠯ ᠳᠠᠭᠠᠨ ᠠᠮᠵᠢᠯᠲᠠ ᠭᠠᠷᠭᠠᠶ᠎ᠠ ᠭᠡᠪᠡᠯ ᠡᠷᠬᠡᠪᠰᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ | ᠬᠦᠰᠡᠯᠡᠩ ᠢᠲᠡᠭᠡᠯ ᠪᠢᠰᠢᠷᠡᠯ ᠢᠶᠠᠨ ᠪᠠᠳᠤᠳᠬᠠᠨ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠲᠡᠷᠢᠭᠦᠨ | ᠴᠢᠬᠤᠯᠠ ᠤᠯᠤᠰ ᠲᠦᠷᠦ ᠶᠢᠨ ᠮᠥᠨ ᠴᠢᠨᠠᠷ ᠢᠶᠠᠨ ᠪᠣᠯᠭᠠᠪᠠᠯ ᠰᠠᠶ᠋ᠢ ᠵᠥᠪ ᠣᠨᠣᠪᠴᠢᠲᠠᠢ ᠤᠷᠤᠭᠰᠢᠯᠠᠯᠲᠠ ᠶᠢᠨ | ᠴᠢᠭᠯᠡᠯ ᠢ ᠡᠵᠡᠮᠳᠡᠵᠦ᠂ ᠡᠭᠦᠷᠭᠡᠯᠡᠵᠦ ᠪᠠᠶᠢᠭ᠎ᠠ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ ᠴᠢᠳᠠᠨ᠎ᠠ ᠭᠡᠳᠡᠭ ᠢ | ᠪᠢ ᠭᠦᠨᠵᠡᠭᠡᠢ ᠤᠶᠢᠯᠠᠭᠠᠪᠠ᠃ ᠡᠷᠭᠡᠪᠰᠢ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ | ᠦᠢᠯᠡᠴᠢᠯᠡᠬᠦ ᠦᠨᠳᠦᠰᠦᠨ ᠵᠣᠷᠢᠯᠲᠠ ᠶᠢ ᠪᠠᠲᠤ ᠴᠡᠭᠡᠵᠢᠯᠡᠨ᠂ ᠡᠷᠡᠰ ᠪᠠᠲᠤ ᠬᠦᠰᠡᠯᠡᠩ ᠢᠲᠡᠭᠡᠯ ᠪᠢᠰᠢᠷᠡᠯ ᠢᠶᠠᠷ ᠤᠭ | ᠰᠠᠨᠠᠭ᠎ᠠ ᠪᠠᠨ ᠪᠠᠲᠤ ᠰᠠᠬᠢᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ | ᠪᠣᠯ ᠳᠠᠷᠤᠢ ᠮᠠᠨ ᠤ ᠲᠡᠮᠡᠴᠡᠯ ᠤᠨ ᠬᠠᠷᠠᠯᠲᠠ ᠪᠣᠯᠬᠤ ᠶᠢ ᠪᠠᠲᠤ ᠴᠡᠭᠡᠵᠢᠯᠡᠨ᠂ ᠠᠷᠠᠳ ᠲᠦᠮᠡᠨ ᠤ ᠳᠤᠮᠳᠠ ᠠᠴᠠ | ᠢᠷᠡᠵᠤ᠂ ᠠᠷᠠᠳ ᠲᠦᠮᠡᠨ ᠤ ᠳᠤᠮᠳᠠ ᠦᠨᠳᠦᠰᠦᠯᠡᠵᠦ᠂ ᠠᠷᠠᠳ ᠲᠦᠮᠡᠨ ᠤ ᠠᠯᠪᠠᠨ ᠵᠠᠷᠤᠴᠠ ᠪᠤᠯᠬᠤ | ᠤᠬᠠᠮᠰᠠᠷ ᠢᠶᠠᠷ ᠤᠭ ᠰᠠᠨᠠᠭ᠎ᠠ ᠪᠠᠨ ᠦᠢᠯᠡᠳᠦᠯᠭᠡᠵᠢᠭᠦᠯᠵᠦ᠂ ᠬᠠᠷᠢᠨ ᠤᠯᠠᠨ ᠲᠦᠮᠡᠨ ᠠᠴᠠ ᠬᠥᠨᠳᠡᠶᠢᠷᠡᠵᠦ᠂ ᠤᠯᠠᠨ | ᠲᠦᠮᠡᠨ ᠢ ᠬᠥᠩᠭᠡᠪᠴᠢᠯᠡᠵᠦ᠂ ᠤᠯᠠᠨ ᠲᠦᠮᠡᠨ ᠤ ᠵᠣᠪᠠᠭᠤᠷᠢ ᠵᠦᠳᠡᠭᠦᠷᠢ ᠶᠢ ᠬᠠᠶᠢᠬᠤᠷᠬᠤ ᠦᠬᠡᠢ ᠪᠠᠶᠢᠵᠤ ᠪᠤᠯᠬᠤ | ᠦᠬᠡᠢ ᠭᠡᠳᠡᠭ ᠢ ᠪᠠᠲᠤ ᠴᠡᠭᠡᠵᠢᠯᠡᠬᠦ ᠬᠡᠷᠡᠭᠲᠡᠢ᠃ ᠢᠷᠡᠭᠡᠳᠦᠢ ᠳᠤ ᠬᠠᠨᠳᠤᠵᠤ᠂ ᠥᠷᠢᠰᠦᠯᠳᠦᠭᠡᠨ ᠳᠤ ᠬᠠᠨᠳᠤᠵᠤ᠂ | ᠪᠢ ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠦᠬᠦ | ᠪᠠᠯᠭᠠᠰᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠠᠴᠠ ᠡᠬᠦᠰᠦᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠵᠡᠷᠭᠡ ᠠᠵᠢᠯ ᠢ ᠦᠷᠭᠦᠯᠵᠢᠯᠡᠨ ᠠᠬᠢᠭᠤᠯᠵᠤ᠂ ᠤᠯᠠᠨ ᠲᠦᠮᠡᠨ ᠤ | ᠤᠯᠤᠯᠳᠠ ᠬᠦᠷᠲᠡᠮᠵᠢ ᠶᠢᠨ ᠲᠥᠷᠥᠭᠳᠡᠯ᠂ ᠠᠵᠠ ᠵᠢᠷᠭᠠᠯ ᠤᠨ ᠲᠥᠷᠥᠭᠳᠡᠯ ᠢ ᠲᠡᠭᠡᠭᠰᠢᠯᠡᠬᠦᠯᠬᠦ ᠪᠠᠷ ᠴᠢᠷᠮᠠᠶᠢᠨ᠎ᠠ᠃ | ᠬᠤᠶᠠᠷ ᠲᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠬᠢᠯᠭ᠎ᠠ ᠪᠠᠲᠤ ᠶᠢ ᠪᠠᠲᠤᠳᠬᠠᠵᠤ᠂ ᠪᠠᠷᠢᠮᠵᠢᠶ᠎ᠠ | ᠬᠤᠷᠢᠭ᠎ᠠ ᠶᠢ ᠰᠠᠬᠢᠭᠰᠠᠨ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠣᠨ᠎ᠠ᠃ ᠨᠠᠮ ᠤᠨ ᠭᠡᠰᠢᠭᠦᠨ ᠺᠠᠳ᠋ᠷ | ᠪᠣᠯᠤᠭᠰᠠᠨ ᠤ ᠬᠤᠪᠢ ᠳᠤ ︽ᠠᠷᠢᠭᠤᠨ ᠴᠢᠬᠡᠴᠢ ᠪᠠᠷ ᠵᠠᠰᠠᠭ ᠪᠠᠷᠢᠬᠤ᠂ ᠯᠠᠪᠳᠠᠭᠤᠨ ᠪᠣᠯᠭᠤᠮᠵᠢᠲᠠᠢ ᠪᠠᠷ ᠵᠠᠰᠠᠭ | ᠪᠠᠷᠢᠬᠤ᠂ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ︾ ᠨᠢ ᠴᠢᠬᠤᠯᠠ᠃ ᠤᠴᠢᠷ ᠨᠢ ᠭᠠᠭᠴᠠ ᠬᠦ ᠠᠷᠢᠭᠤᠨ | ᠴᠢᠬᠡᠴᠢ ᠪᠠᠶᠢᠪᠠᠯ ᠰᠠᠶ᠋ᠢ ᠠᠷᠠᠳ ᠲᠦᠮᠡᠨ ᠳᠤ ᠢᠲᠡᠭᠡᠯ ᠬᠦᠨᠳᠦ ᠲᠠᠢ ᠪᠣᠯᠵᠤ᠂ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠬᠦᠯᠵᠦ᠂ ᠠᠷᠠᠳ ᠲᠦᠮᠡᠨ ᠲᠠᠢ ᠬᠠᠶᠢᠷ᠎ᠠ | ᠰᠡᠳᠬᠢᠯᠭᠡ ᠪᠠᠨ ᠵᠤᠵᠠᠭᠠᠳᠬᠠᠵᠤ᠂ ᠠᠷᠠᠳ ᠲᠦᠮᠡᠨ ᠤ ᠢᠲᠡᠭᠡᠯ ᠬᠦᠷᠢᠶᠡᠯᠡᠯ ᠢ ᠤᠯᠵᠤ ᠴᠢᠳᠠᠨ᠎ᠠ᠃ ᠡᠪ ᠬᠠᠮᠲᠤ | ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠤᠬᠠᠮᠰᠠᠷ ᠠᠴᠠ ᠪᠠᠨ ᠤᠯᠤᠰ ᠲᠦᠷᠦ ᠶᠢᠨ ᠲᠣᠭᠲᠠᠯ ᠬᠦᠴᠦᠨ᠂ | ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ᠂ ᠠᠵᠢᠯ ᠤᠨ ᠠᠷᠭ᠎ᠠ᠂ ᠪᠠᠷᠢᠯ᠂ ᠠᠵᠢᠯ ᠦᠢᠯᠡᠰ ᠢᠶᠠᠨ ᠳᠡᠭᠡᠳᠦᠯᠡᠬᠦ | ᠵᠣᠷᠢᠭ ᠰᠠᠨᠠᠭ᠎ᠠ᠂ ᠠᠷᠢᠭᠤᠨ ᠴᠢᠬᠡᠴᠢ ᠵᠠᠩ ᠰᠤᠷᠳᠠᠯ ᠤᠨ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ ᠨᠢᠭᠡᠳᠦᠯᠲᠡᠢ | ᠪᠠᠶᠢᠵᠤ᠂ ᠨᠠᠮ ᠤᠨ ᠤᠨᠤᠯ ᠪᠣᠯᠣᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠲᠠᠢ ᠨᠢᠭᠡᠳᠦᠯᠲᠡᠢ ᠪᠠᠶᠢᠵᠤ᠂ | ᠵᠠᠷᠯᠢᠭ ᠴᠠᠭᠠᠵᠠ ᠶᠢ ᠪᠡᠶᠡᠯᠡᠬᠦᠯᠬᠦ ᠯᠠ ᠬᠡᠷᠡᠭᠲᠡᠢ᠃ ᠤᠯᠤᠰ ᠲᠥᠷᠥ ᠶᠢ ᠡᠷᠬᠢᠮᠯᠡᠬᠦ ᠶᠢ ᠢᠮᠠᠭᠲᠠ ᠪᠠᠷᠢᠮᠳᠠᠯᠠᠨ᠂ | ᠤᠯᠤᠰ ᠲᠥᠷᠥ ᠶᠢᠨ ᠴᠢᠭᠯᠡᠯ ᠢᠶᠠᠨ ᠲᠣᠳᠣᠷᠬᠠᠶᠢᠯᠠᠵᠤ᠂ ᠤᠯᠤᠰ ᠲᠥᠷᠥ ᠶᠢᠨ ᠵᠣᠭᠰᠣᠯᠲᠠ ᠪᠠᠨ ᠪᠠᠲᠤᠳᠬᠠᠵᠤ᠂ | ᠤᠯᠤᠰ ᠲᠦᠷᠦ ᠶᠢᠨ ᠰᠠᠬᠢᠯᠭ᠎ᠠ ᠪᠠᠲᠤ ᠶᠢ ᠰᠠᠬᠢᠨ᠂ ᠠᠷᠢᠭᠤᠨ ᠴᠢᠬᠡᠴᠢ ᠪᠠᠶᠢᠬᠤ ᠶᠢ ᠪᠠᠲᠤᠯᠠᠵᠤ᠂ ᠥᠪᠡᠷ ᠢ ᠪᠠᠨ | ᠴᠢᠩᠭ᠎ᠠ ᠡᠵᠡᠮᠳᠡᠨ᠂ ᠲᠠᠷᠢᠬᠢ ᠲᠣᠯᠣᠭᠠᠢ ᠪᠠᠨ ᠴᠠᠭ ᠢᠮᠠᠭᠲᠠ ᠰᠡᠷᠭᠡᠭ ᠪᠠᠶᠢᠯᠭᠠᠵᠤ᠂ ᠠᠷᠢᠭᠤᠨ ᠴᠢᠬᠡᠴᠢ ᠪᠠᠷ | ᠬᠥᠮᠥᠨ ᠪᠣᠯᠬᠤ᠂ ᠯᠠᠪᠳᠠᠭᠤᠨ ᠪᠠᠲᠤᠲᠠᠢ ᠪᠠᠷ ᠠᠵᠢᠯ ᠬᠢᠬᠦ ᠰᠢᠯᠢᠳᠡᠭ ᠰᠤᠷᠲᠠᠯ ᠢ ᠦᠢᠯᠡᠳᠦᠯᠬᠡᠵᠢᠬᠦᠯᠦᠨ᠂ ᠡᠷᠬᠡ | ᠲᠤᠰᠢᠶᠠᠯ ᠢᠶᠠᠨ ᠠᠷᠠᠳ ᠤᠨ ᠲᠥᠯᠥᠭᠡ ᠬᠡᠷᠡᠭᠯᠡᠬᠦ᠂ ᠠᠰᠢᠭ ᠲᠤᠰᠠ ᠶᠢ ᠠᠷᠠᠳ ᠲᠦᠮᠡᠨ ᠳᠤ ᠬᠦᠷᠳᠡᠭᠡᠬᠦ᠂ ᠬᠠᠶᠢᠷ᠎ᠠ | ᠰᠡᠳᠬᠢᠯᠭᠡ ᠪᠠᠨ ᠠᠷᠠᠳ ᠲᠦᠮᠡᠨ ᠲᠠᠢ ᠬᠤᠯᠪᠣᠬᠤ ᠶᠢ ᠦᠨᠡᠨᠬᠦ ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ᠠᠷᠢᠭᠤᠨ | ᠴᠢᠬᠡᠴᠢ ᠶᠢᠨ ᠰᠠᠬᠢᠭᠴᠢ ᠪᠠ ᠬᠠᠮᠠᠭᠠᠯᠠᠭᠴᠢ ᠪᠣᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ | ᠠᠬᠤᠢ ᠶᠢ ᠪᠤᠢ ᠪᠣᠯᠭᠠᠬᠤ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠃ | ᠭᠤᠷᠪᠠ ᠳᠤ᠂ ᠡᠷᠡᠯᠬᠡᠭᠯᠡᠨ ᠤᠷᠤᠭᠰᠢᠯᠠᠬᠤ ᠬᠦᠴᠦᠨ ᠢᠶᠠᠨ ᠴᠢᠩᠭᠠᠷᠠᠭᠤᠯᠵᠤ᠂ ᠬᠠᠷᠢᠭᠤᠴᠠᠯᠭ᠎ᠠ ᠲᠠᠢ ᠬᠢᠷᠢ | ᠲᠡᠩᠴᠡᠭᠰᠡᠨ ᠨᠠᠮ ᠤᠨ ᠭᠡᠰᠢᠭᠦᠨ ᠪᠣᠯᠣᠨ᠎ᠠ᠃ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ | ᠠᠯᠪᠠᠨ ᠤ ᠬᠢ ᠠᠮᠢᠨ ᠤ ᠬᠢ ᠶᠢ ᠲᠣᠳᠣᠷᠬᠠᠢ ᠢᠯᠭᠠᠬᠤ ᠤᠬᠠᠮᠰᠠᠷᠲᠤ ᠴᠢᠨᠠᠷ ᠲᠠᠢ ᠪᠠᠶᠢᠵᠤ᠂ ᠬᠠᠮᠳᠤ | ᠨᠡᠶᠢᠲᠡ ᠶᠢᠨ ᠪᠠ ᠠᠮᠢ ᠬᠤᠪᠢ ᠶᠢᠨ ᠬᠠᠷᠢᠴᠠᠭ᠎ᠠ᠂ ᠶᠤᠰᠤ ᠵᠢᠷᠤᠮ ᠪᠠ ᠠᠰᠢᠭ ᠲᠤᠰᠠ ᠶᠢᠨ ᠬᠠᠷᠢᠴᠠᠭ᠎ᠠ᠂ ᠬᠤᠪᠢ | ᠬᠥᠮᠥᠨ ᠪᠠ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ᠂ ᠬᠤᠪᠢ ᠬᠥᠮᠥᠨ ᠪᠠ ᠣᠯᠠᠨ ᠲᠦᠮᠡᠨ ᠤ ᠬᠠᠷᠢᠴᠠᠭ᠎ᠠ ᠶᠢ | ᠵᠥᠪ ᠰᠢᠢᠳᠪᠦᠷᠢᠯᠡᠨ᠂ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠲᠦᠮᠡᠨ ᠤ | ᠲᠥᠯᠥᠭᠡ ᠡᠷᠬᠡ ᠲᠤᠰᠢᠶᠠᠯ ᠢᠶᠠᠨ ᠭᠡᠷᠡᠭᠵᠢᠬᠦᠯᠦᠨ᠂ ᠠᠷᠠᠳ ᠲᠦᠮᠡᠨ ᠤ ᠲᠥᠯᠥᠭᠡ ᠰᠠᠶᠢᠨ ᠶᠠᠪᠤᠳᠠᠯ ᠬᠢᠵᠦ᠂ | ᠠᠷᠠᠳ ᠲᠦᠮᠡᠨ ᠤ ᠵᠢᠷᠭᠠᠯ ᠵᠤᠪᠠᠨᠢᠯ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠠᠷᠠᠳ ᠲᠦᠮᠡᠨ ᠤ | ᠬᠦᠴᠢᠷᠳᠡᠯ ᠢ ᠰᠢᠢᠳᠪᠦᠷᠢᠯᠡᠨ᠂ ᠠᠷᠠᠳ ᠲᠦᠮᠡᠨ ᠤ ᠰᠠᠨᠠᠭᠠᠰᠢᠷᠠᠯ ᠢ ᠠᠷᠢᠯᠭᠠᠵᠤ᠂ ᠠᠷᠠᠳ ᠲᠦᠮᠡᠨ ᠳᠤ | ᠰᠠᠨᠠᠭᠠᠨ ᠳᠤ ᠨᠡᠶᠢᠴᠡᠭᠦᠯᠦᠨ᠂ ᠠᠷᠠᠳ ᠲᠦᠮᠡᠨ ᠤ ︽ᠰᠡᠳᠬᠢᠯ ᠤᠨ ᠬᠥᠮᠥᠨ︾ ᠪᠣᠯᠬᠤ ᠬᠡᠷᠡᠭᠲᠡᠢ᠃ ᠡᠨᠡ ᠵᠢᠯ ᠪᠣᠯ | ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ᠂ ᠮᠥᠨ ᠴᠦ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠪᠣᠯᠣᠨ᠎ᠠ᠃ ᠮᠢᠨᠦ ᠬᠤᠪᠢ ᠳᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠪᠦᠬᠦ ᠪᠠᠯᠭᠠᠰᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠳᠤᠲᠠᠭᠤᠳᠠᠯ ᠢᠶᠠᠨ ᠡᠮᠬᠢᠯᠡᠨ᠂ ᠪᠤᠰᠤᠳᠴᠢ ᠮᠦᠷᠳᠡᠭᠡᠨ | ᠪᠣᠳᠠᠲᠠᠢ ᠶᠢ ᠡᠷᠬᠢᠮᠯᠡᠬᠦ ᠣᠪᠣᠷ ᠢᠶᠠᠷ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠤᠳᠤᠯᠵᠤ᠂ ᠬᠢᠵᠢᠭ | ᠰᠡᠷᠭᠡᠶᠢᠯᠡᠬᠦ ᠠᠵᠢᠯ ᠢ ᠰᠠᠶᠢᠨ ᠠᠳᠬᠤᠭᠰᠠᠨ ᠰᠠᠭᠤᠷᠢᠨ ᠳᠡᠭᠡᠷ᠎ᠡ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ | ᠠᠵᠢᠯ ᠢ ᠯᠠᠪᠳᠠᠭᠤᠨ ᠪᠠᠲᠤᠲᠠᠢ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠳᠡᠭᠡᠳᠦ ᠱᠠᠲᠤᠨ ᠤ ᠡᠯ᠎ᠡ ᠲᠦᠷᠦᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ | ᠰᠠᠶᠢᠲᠤᠷ ᠠᠳᠬᠤᠨ᠂ ᠪᠥᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠢ | ᠴᠢᠷᠮᠠᠶᠢᠨ ᠡᠭᠦᠳᠬᠦ ᠳᠤ ᠢᠳᠡᠪᠬᠢᠲᠡᠢ ᠬᠤᠪᠢ ᠨᠡᠮᠡᠷᠢ ᠪᠠᠨ ᠦᠵᠡᠭᠦᠯᠬᠦ ᠪᠠᠷ ᠴᠢᠷᠮᠠᠶᠢᠨ᠎ᠠ᠃ |