ᠠᠵᠤ ᠠᠬᠤᠶᠢᠯᠠᠯ ᠳᠤ ᠶᠠᠪᠤᠭᠳᠠᠭᠰᠠᠨ ᠠᠶᠤᠯ ᠠᠴᠠ ᠵᠠᠶᠢᠯᠠᠬᠤ ᠰᠤᠷᠢᠯᠳᠠ
ᠨᠡᠶᠢᠲᠡᠯᠡᠭᠰᠡᠨ ᠴᠠᠭ᠄
2022/5/11
ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠤᠨ ᠬᠤᠬᠢᠷᠠᠯ ᠢ ᠪᠠᠭᠠᠰᠬᠠᠬᠤ ᠮᠡᠳᠡᠯᠭᠡ ᠶᠢ ᠲᠦᠬᠡᠮᠡᠯᠵᠢᠬᠦᠯᠦᠨ᠂ ᠠᠵᠢᠯᠲᠠᠳ ᠤᠨ ᠭᠠᠮᠰᠢᠭ ᠠᠴᠠ ᠰᠡᠷᠭᠡᠶᠢᠯᠡᠵᠦ ᠠᠶᠤᠯ ᠠᠴᠠ ᠵᠠᠶᠢᠯᠠᠬᠤ ᠦᠵᠡᠯ ᠤᠬᠠᠮᠰᠠᠷ ᠢ  ᠴᠢᠩᠭᠠᠳᠬᠠᠵᠤ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠡᠬᠦᠰᠬᠦ ᠦᠶ᠎ᠡ ᠳᠠᠬᠢ ᠥᠪᠡᠷ ᠢ ᠪᠠᠨ ᠠᠪᠤᠷᠠᠬᠤ ᠪᠠ ᠬᠠᠷᠢᠯᠴᠠᠨ ᠠᠪᠤᠷᠠᠬᠤ ᠴᠢᠳᠠᠪᠤᠷᠢ ᠶᠢ ᠲᠡᠭᠡᠭᠰᠢᠯᠡᠬᠦᠯᠵᠦ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠲᠤᠰᠠᠳᠠ᠂ 5 ᠰᠠᠷ᠎ᠠ ᠶᠢᠨ 9 ᠤ ᠡᠳᠦᠷ ᠲᠠᠶᠢᠹᠤᠰᠧ ᠬᠤᠰᠢᠭᠤᠨ ᠤ ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠵᠥᠪᠯᠡᠯ ᠤᠨ ᠠᠯᠪᠠᠨ ᠭᠡᠷ ᠨᠢ  ︽ᠲᠠᠯ᠎ᠠ ᠨᠤᠲᠤᠭ︾ ᠠᠷᠢᠬᠢ ᠨᠡᠷᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠵᠣᠬᠢᠶᠠᠨ ᠪᠠᠶᠢᠭᠤᠯᠵᠤ᠂ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠭᠰᠡᠨ ᠪᠠᠶᠢᠨ᠎ᠠ᠃  ᠦᠳᠡ ᠶᠢᠨ ᠡᠮᠦᠨᠡᠬᠢ 10 ᠴᠠᠭ ᠲᠤ᠂  ᠭᠠᠵᠠᠷ ᠬᠦᠳᠡᠯᠦᠯᠳᠡ ᠶᠢᠨ ᠪᠠᠴᠢᠮ ᠰᠡᠷᠡᠮᠵᠢ ᠶᠢᠨ ᠳᠣᠬᠢᠶ᠎ᠠ ᠲᠤᠤᠭᠠᠷᠬᠤ ᠲᠠᠢ ᠵᠡᠷᠭᠡ  ᠦᠢᠯᠡᠳᠪᠦᠷᠢ ᠶᠢᠨ ᠠᠰᠠᠷ ᠤᠨ ᠡᠯ᠎ᠡ ᠳᠠᠪᠬᠤᠷᠭ᠎ᠠ ᠳᠤ ᠪᠠᠶᠢᠭ᠎ᠠ ᠠᠵᠢᠯᠲᠠᠳ ᠲᠠᠷᠤᠶᠢᠬᠠᠨ ᠬᠤᠶᠠᠷ ᠭᠠᠷ ᠢᠶᠠᠷ ᠢᠶᠠᠨ ᠲᠣᠯᠣᠭᠠᠢ ᠪᠠᠨ ᠲᠡᠪᠡᠷᠢᠨ ᠣᠴᠣᠶᠢᠵᠤ ᠰᠠᠭᠤᠭᠠᠳ ᠠᠶᠤᠯ ᠠᠴᠠ ᠲᠦᠷ ᠵᠠᠶᠢᠯᠠᠵᠤ᠂ ᠪᠠᠷᠤᠭ 2 ᠮᠢᠨᠦ᠋ᠲ  ᠪᠤᠯᠵᠤ ᠭᠠᠵᠠᠷ ᠬᠥᠳᠡᠯᠦᠯᠲᠡ ᠦᠩᠭᠡᠷᠡᠭᠰᠡᠨ ᠤ ᠲᠠᠷᠠᠭ᠎ᠠ᠂ ᠦᠷᠬᠦᠯᠵᠢᠯᠡᠨ ᠲᠣᠯᠣᠭᠠᠢ ᠪᠠᠨ ᠰᠠᠶᠢᠳᠤᠷ ᠬᠠᠮᠠᠭᠠᠯᠠᠬᠤ   ᠶᠢᠨ ᠬᠠᠮᠲᠤ ᠠᠶᠤᠯ ᠠᠴᠠ ᠵᠠᠶᠢᠯᠠᠬᠤ ᠲᠣᠭᠲᠠᠭᠰᠠᠨ ᠵᠠᠮ ᠢᠶᠠᠷ ᠠᠮᠤᠷ ᠲᠦᠪᠰᠢᠨ ᠤᠷᠤᠨ ᠪᠠᠶᠢᠷᠢ ᠳᠤ  ᠬᠤᠷᠳᠤᠴᠠ ᠲᠠᠢ  ᠮᠦᠷᠳᠡᠭᠡᠨ ᠲᠢᠭᠯᠡᠮ ᠲᠠᠢ ᠪᠠᠷ ᠲᠠᠷᠬᠠᠵᠤ ᠤᠴᠢᠵᠠᠭᠠᠭᠰᠠᠨ ᠪᠠᠶᠢᠨ᠎ᠠ᠃ ᠦᠢᠯᠡᠳᠪᠦᠷᠢ ᠶᠢᠨ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠠᠴᠠ  ᠦᠪᠡᠷ ᠦᠪᠡᠷ ᠤᠨ ᠬᠠᠷᠢᠶᠠᠨ ᠳᠠᠬᠢ ᠠᠵᠢᠯᠳᠠᠳ ᠢᠶᠠᠨ ᠲᠣᠭᠠᠯᠠᠨ ᠪᠦᠷᠢᠳᠬᠡᠬᠦ   ᠶᠢᠨ ᠬᠠᠮᠲᠤ ᠲᠤᠬᠠᠢ ᠶᠢᠨ ᠲᠠᠯᠠᠪᠠᠶ   ᠶᠢᠨ ᠶᠡᠷᠦᠩᠬᠡᠢ ᠵᠢᠯᠣᠭᠤᠳᠤᠭᠴᠢ ᠳᠤ ᠪᠠᠶᠢᠳᠠᠯ ᠢ ᠬᠠᠷᠢᠭᠤ ᠮᠡᠳᠡᠭᠦᠯᠵᠦ᠂ ᠪᠦᠬᠦᠶᠢᠯᠡ ᠰᠣᠷᠢᠯᠲᠠ ᠨᠢ ᠲᠥᠪ ᠴᠢᠩᠭ᠎ᠠ᠂ ᠵᠣᠬᠢᠶᠠᠨ ᠪᠠᠶᠢᠭᠤᠯᠤᠯᠲᠠ ᠲᠠᠢ᠂ ᠡᠮᠬᠢ ᠳᠢᠭᠯᠢᠮ ᠲᠠᠢ ᠶᠠᠪᠤᠭᠳᠠᠭᠠᠳ᠂ ᠵᠢᠱᠢᠭᠰᠡᠨ ᠵᠣᠷᠢᠯᠭ᠎ᠠ ᠳᠠᠭᠠᠨ ᠬᠦᠷᠴᠡᠢ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂  ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠭᠠᠵᠠᠷ ᠬᠥᠳᠡᠯᠦᠯᠲᠡ ᠶᠢᠨ ᠥᠷᠲᠡᠭᠡ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠳ   ᠰᠤᠷᠢᠯᠳᠠ ᠳᠤ ᠣᠷᠣᠯᠴᠠᠭᠰᠠᠨ ᠤ ᠬᠠᠮᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠦᠵᠡᠭᠦᠯᠦᠯᠭᠡ ᠶᠢᠨ ᠰᠠᠮᠪᠠᠷ᠎ᠠ  ᠪᠤᠰᠬᠠᠬᠤ᠂ ᠲᠤᠰᠬᠠᠢ ᠪᠤᠯᠤᠩ ᠭᠠᠷᠭᠠᠬᠤ᠂ ᠬᠥᠨᠳᠡᠯᠡᠨ ᠪᠢᠴᠢᠭᠡᠰᠦ ᠡᠯᠭᠦᠬᠦ ᠬᠡᠯᠪᠡᠷᠢ ᠪᠠᠷ ᠠᠵᠢᠯᠲᠠᠳ ᠲᠤ ᠭᠠᠮᠰᠢᠭ ᠢ ᠰᠡᠷᠭᠡᠶᠢᠯᠡᠵᠦ  ᠬᠤᠬᠢᠷᠠᠯ ᠢ ᠪᠠᠭᠠᠰᠬᠠᠬᠤ ᠮᠡᠳᠡᠯᠭᠡ ᠶᠢ ᠤᠬᠠᠭᠤᠯᠤᠨ  ᠲᠦᠬᠡᠮᠡᠯᠵᠢᠬᠦᠯᠦᠭᠰᠡᠨ ᠪᠠᠶᠢᠨ᠎ᠠ᠃     ︽ᠲᠠᠯ᠎ᠠ ᠨᠤᠲᠤᠭ︾ ᠠᠷᠢᠬᠢ ᠨᠡᠷᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠡᠳ᠋ ᠳᠠᠷᠤᠭ᠎ᠠ᠂   ᠪᠠᠶᠢᠩᠭᠤ ᠶᠢᠨ ᠳᠡᠳ᠋ ᠶᠡᠷᠦᠩᠬᠡᠢ ᠳᠠᠭᠠᠭᠠᠮᠠᠯ ᠯᠢ ᠬᠤᠶ ᠹᠧᠩ᠄ ︽ ᠡᠨᠡ ᠤᠳᠠᠭᠠᠨ ᠤ ᠰᠣᠷᠢᠯᠲᠠ ᠨᠢ ᠮᠠᠨ ᠤ ᠦᠢᠯᠡᠳᠪᠦᠷᠢ ᠳᠤ ᠠᠪᠴᠤ ᠬᠡᠯᠡᠪᠡᠯ ᠮᠠᠰᠢ ᠲᠤᠰᠠᠳᠠᠢ ᠶᠠᠪᠤᠳᠠᠯ ᠶᠤᠮ᠃ ᠭᠠᠵᠠᠷ ᠬᠥᠳᠡᠯᠦᠯᠲᠡ ᠶᠢᠨ ᠭᠠᠮᠰᠢᠭ ᠲᠤᠯᠭᠠᠷᠠᠬᠤ ᠳᠤ᠂ ᠮᠠᠨ ᠤ ᠠᠵᠢᠯᠲᠠᠳ ᠠᠯᠢ ᠲᠦᠷᠭᠡᠨ ᠢᠶᠠᠷ ᠠᠶᠤᠯ ᠠᠴᠠ ᠵᠠᠶᠢᠯᠠᠬᠤ ᠶᠢ ᠰᠤᠷᠤᠯ᠎ᠠ᠂  ᠡᠨᠡ   ᠨᠢ ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ ᠲᠡᠶᠢᠯᠦᠨ᠎ᠡ᠃  ᠰᠤᠷᠢᠯᠳᠠ ᠪᠠᠷ ᠲᠠᠮᠵᠢᠭᠠᠳ ᠠᠵᠢᠯᠲᠠᠳ ᠤᠨ ᠡᠳᠦᠷ ᠲᠤᠲᠤᠮ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠴᠤ  ᠶᠡᠬᠡᠬᠡᠨ ᠲᠡᠭᠡᠭᠰᠢᠯᠡᠯᠳᠡ ᠲᠠᠢ ᠪᠤᠯᠵᠠᠢ︾᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号