ᠱᠠᠩ ᠫᠢ ᠹᠠᠩ ᠲᠤᠰᠬᠤᠨ ᠤ ᠬᠠᠰᠢᠶ᠎ᠠ ᠰᠠᠷᠠᠪᠴᠢ ᠶᠢᠨ ᠪᠠᠶᠢᠭᠤᠯᠤᠯᠳᠠ ᠡᠬᠢᠯᠡᠪᠡ
ᠨᠡᠶᠢᠲᠡᠯᠡᠭᠰᠡᠨ ᠴᠠᠭ᠄
2022/5/11
ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠥᠳᠡᠭᠡ ᠲᠣᠰᠬᠤᠨ ᠤ ᠡᠬᠢ ᠪᠠᠶᠠᠯᠢᠭ ᠢ ᠤᠯᠠᠮ ᠨᠢᠬᠡ ᠠᠯᠬᠤᠮ ᠨᠡᠶᠢᠳᠭᠡᠨ᠂ ᠬᠥᠳᠡᠭᠡ ᠲᠣᠰᠬᠤᠨ ᠤ ᠲᠡᠵᠢᠭᠡᠨ ᠦᠷᠡᠵᠢᠭᠦᠯᠬᠦ ᠦᠢᠯᠡᠰ ᠤᠨ  ᠡᠷᠴᠢᠮᠵᠢᠯᠳᠡ᠂  ᠭᠡᠪᠴᠢᠶᠡᠵᠢᠯᠳᠡ᠂  ᠤᠳᠤᠬᠢᠴᠢᠯᠠᠯᠳᠠ ᠶᠢ ᠪᠡᠶᠡᠯᠡᠭᠦᠯᠬᠦ ᠶᠢᠨ ᠲᠥᠯᠥᠭᠡ᠂  ᠲᠠᠶᠢᠹᠤᠰᠧ ᠬᠤᠰᠢᠭᠤᠨ ᠤ ᠶᠦᠩ ᠹᠧᠩ ᠪᠠᠯᠭᠠᠰᠤᠨ ᠤ ᠱᠠᠩ ᠫᠢ ᠹᠠᠩ ᠲᠣᠰᠬᠤᠨ ᠨᠢ ᠬᠥᠮᠥᠨ ᠮᠠᠯ ᠢ ᠰᠠᠯᠭᠠᠬᠤ  ᠬᠠᠰᠢᠶ᠎ᠠ ᠰᠠᠷᠠᠪᠴᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢᠶᠠᠨ ᠵᠢᠩᠬᠢᠨᠢ ᠪᠠᠷ ᠡᠬᠢᠯᠡᠬᠦᠯᠪᠡ᠃ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠯᠢ ᠵᠠᠨ ᠪᠦᠦ ᠲᠤᠬᠠᠢ ᠶᠢᠨ ᠲᠠᠯᠠᠪᠠᠶ ᠳᠤ ᠢᠷᠡᠵᠦ ᠠᠵᠢᠯ ᠢ ᠵᠢᠯᠤᠭᠤᠳᠬᠤ ᠳᠠᠭᠠᠨ᠂ ᠲᠡᠵᠢᠭᠡᠨ ᠦᠷᠡᠵᠢᠭᠦᠯᠬᠦ ᠦᠢᠯᠡᠰ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠶᠢᠨ ᠵᠡᠷᠭᠡᠪᠡᠷ ᠣᠷᠴᠢᠨ ᠲᠣᠭᠤᠷᠢᠨ ᠳᠤ ᠯᠤᠲᠤ ᠶᠡᠭᠡ ᠳᠠᠷᠤᠯᠲᠠ ᠠᠪᠴᠢᠷᠠᠳᠠᠭ᠃ ᠠᠵᠤ ᠠᠬᠤᠢ ᠶᠢ ᠬᠥᠭᠵᠢᠭᠦᠯᠬᠦ ᠶᠢᠨ  ᠲᠠᠭᠠᠤ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠪᠣᠯ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠶᠡᠭᠡ ᠰᠡᠳᠦᠪ ᠪᠣᠯᠣᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠶᠠᠪᠤᠴᠠ ᠳᠤ᠂ ᠲᠤᠰ ᠭᠠᠵᠠᠷ ᠤᠨ ᠢᠶᠠᠨ ᠳᠠᠪᠠᠭᠤᠯᠢᠭ ᠡᠬᠢ ᠪᠠᠶᠠᠯᠢᠭ ᠲᠤ ᠰᠠᠭᠤᠷᠢᠯᠠᠵᠤ᠂ ᠤᠯᠠᠨ ᠠᠷᠭ᠎ᠠ ᠶᠢ ᠵᠡᠷᠭᠡᠪᠡᠷ ᠭᠡᠷᠡᠭᠵᠢᠬᠦᠯᠦᠨ᠂ ᠲᠥᠪᠯᠡᠷᠡᠭᠦᠯᠦᠨ ᠮᠠᠯᠵᠢᠬᠤ᠂ ᠬᠥᠮᠥᠨ ᠮᠠᠯ ᠢ ᠰᠠᠯᠭᠠᠬᠤ ᠵᠡᠷᠭᠡ ᠠᠷᠭ᠎ᠠ ᠬᠡᠯᠪᠡᠷᠢ ᠪᠠᠷ ᠬᠥᠭᠵᠢᠯᠲᠡ  ᠪᠠ ᠣᠷᠴᠢᠨ ᠲᠣᠭᠤᠷᠢᠨ ᠤ ᠬᠤᠭᠤᠷᠣᠨᠳᠣᠬᠢ ᠵᠥᠷᠢᠴᠡᠯ ᠢ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ᠃  ᠲᠦᠷᠦᠯ ᠵᠦᠢᠯ ᠢ ᠬᠡᠷᠡᠭᠵᠢᠭᠦᠯᠬᠦ ᠶᠠᠪᠤᠴᠠ ᠳᠤ᠂ ᠪᠠᠯᠭᠠᠰᠤ᠂ ᠲᠣᠰᠬᠤᠨ ᠪᠠ ᠪᠠᠷᠢᠯᠭ᠎ᠠ ᠶᠢᠨ ᠨᠢᠭᠡᠴᠡ ᠨᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠴᠢᠩᠭᠠᠳᠬᠠᠨ᠂  ᠠᠶᠤᠯᠬᠦᠢ ᠦᠢᠯᠡᠳᠪᠦᠷᠢᠯᠡᠯ ᠢ ᠴᠢᠩᠭ᠎ᠠ ᠠᠳᠬᠤᠵᠤ᠂  ᠬᠢᠵᠢᠭ ᠰᠡᠷᠭᠡᠶᠢᠯᠡᠯᠳᠡ ᠪᠠ ᠠᠶᠤᠯᠬᠦᠢ ᠦᠢᠯᠡᠳᠪᠦᠷᠢᠯᠡᠯ  ᠢ ︽ᠬᠤᠶᠠᠷ ᠲᠠᠯ᠎ᠠ ᠪᠠᠷ ᠠᠳᠬᠤᠬᠤ︾ ᠶᠢ  ᠪᠡᠶᠡᠯᠡᠬᠦᠯᠦᠨ᠂ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠭᠰᠠᠨ ᠤᠷᠢᠲᠠᠯ ᠳᠣᠣᠷ᠎ᠠ ᠲᠥᠷᠥᠯ ᠵᠦᠢᠯ ᠤᠨ ᠠᠬᠢᠴᠠ ᠶᠢ ᠲᠦᠷᠭᠡᠳᠬᠡᠵᠦ᠂ ᠲᠣᠭᠲᠠᠭᠰᠠᠨ ᠬᠤᠭᠤᠴᠠᠭᠠᠨ ᠳᠤ ᠪᠠᠷᠢᠯᠭ᠎ᠠ ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃ ᠣᠶᠢᠯᠠᠭᠠᠭᠰᠠᠨ ᠢᠶᠠᠷ᠂  ᠱᠠᠩ ᠫᠢ ᠹᠠᠩ ᠲᠣᠰᠬᠤᠨ ᠤ ᠬᠥᠮᠥᠨ ᠮᠠᠯ ᠢ ᠰᠠᠯᠭᠠᠬᠤ  ᠬᠠᠰᠢᠶ᠎ᠠ ᠰᠠᠷᠠᠪᠴᠢ ᠶᠢᠨ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 500 ᠲᠦᠮᠡᠨ ᠲᠥᠭᠦᠷᠢᠭ᠂  ᠶᠡᠷᠦᠩᠬᠡᠢ ᠲᠠᠯᠠᠪᠠᠢ ᠨᠢ 41 ᠮᠦ ᠳᠤ ᠬᠦᠷᠴᠦ᠂ ᠡᠭᠦᠨ ᠳᠤ ᠦᠬᠡᠷ ᠤᠨ ᠰᠠᠷᠠᠪᠴᠢ᠂ ᠡᠪᠡᠰᠦ ᠬᠠᠳᠠᠭᠠᠯᠠᠬᠤ ᠰᠠᠷᠠᠪᠴᠢ᠂ ᠨᠣᠭᠤᠭᠠᠨ ᠲᠠᠷᠤᠰᠢ ᠶᠢᠨ ᠵᠣᠭᠤᠷᠢ ᠶᠢ ᠪᠠᠭᠳᠠᠭᠠᠨ᠂  ᠪᠠᠶᠢᠭᠤᠯᠤᠭᠳᠠᠭᠰᠠᠨ ᠤ ᠳᠠᠷᠠᠭ᠎ᠠ 320 ᠦᠬᠡᠷ ᠮᠠᠯᠵᠢᠬᠤ ᠪᠠᠭᠳᠠᠭᠠᠮᠵᠢ   ᠲᠠᠢ ᠪᠤᠯᠤᠨ᠎ᠠ  ᠃ ᠡᠨᠡᠬᠦ ᠲᠥᠷᠥᠯ ᠵᠦᠢᠯ ᠨᠢ ᠶᠦᠩ ᠹᠧᠩ ᠪᠠᠯᠭᠠᠰᠤᠨ ᠤ ᠲᠡᠵᠢᠭᠡᠨ ᠦᠷᠡᠵᠢᠭᠦᠯᠬᠦ ᠦᠢᠯᠡᠰ ᠤᠨ ᠰᠢᠨ᠎ᠡ ᠬᠠᠭᠤᠳᠠᠰᠤ ᠶᠢ ᠰᠡᠬᠦᠵᠦ᠂  ᠲᠡᠵᠢᠭᠡᠨ ᠦᠷᠡᠵᠢᠭᠦᠯᠬᠦ ᠦᠢᠯᠡᠰ ᠨᠢ ᠲᠠᠷᠠᠬᠠᠢ ᠪᠤᠲᠠᠷᠬᠠᠢ᠂ ᠪᠠᠭ᠎ᠠ ᠬᠡᠪᠴᠢᠶ᠎ᠡ ᠪᠠᠷ ᠲᠡᠵᠢᠭᠡᠨ ᠠᠷᠠᠴᠢᠯᠠᠵᠤ ᠪᠠᠶᠢᠭᠰᠠᠨ ᠠᠴᠠ ᠪᠠᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠡᠷᠴᠢᠮᠵᠢᠭᠰᠡᠨ᠂ ᠠᠵᠤ ᠦᠶᠢᠯᠡᠰᠵᠢᠭᠰᠡᠨ ᠲᠡᠵᠢᠭᠡᠨ ᠦᠷᠡᠵᠢᠭᠦᠯᠬᠦ ᠳᠠᠰᠢ ᠠᠯᠬᠤᠮ ᠠᠯᠬᠤᠮ ᠢᠶᠠᠷ ᠬᠤᠪᠢᠷᠠᠭᠰᠠᠨ ᠢ ᠬᠠᠷᠠᠭᠤᠯᠵᠤ ᠪᠤᠢ᠃  ᠡᠭᠦᠨ ᠤ ᠬᠠᠮᠲᠤ᠂  ᠬᠦᠳᠡᠭᠡ ᠲᠤᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠬᠢᠭᠡᠳ ᠲᠡᠵᠢᠭᠡᠨ ᠦᠷᠡᠵᠢᠭᠦᠯᠬᠦ ᠠᠵᠤ ᠦᠢᠯᠡᠰ ᠤᠨ ᠵᠣᠬᠢᠴᠠᠩᠭᠤᠢ ᠬᠥᠭᠵᠢᠯᠲᠡ ᠶᠢ ᠪᠡᠶᠡᠯᠡᠬᠦᠯᠦᠨ᠂ ᠪᠥᠬᠦ ᠬᠤᠰᠢᠭᠤᠨ ᠤ ᠶᠠᠳᠠᠭᠤ   ᠠᠴᠠ ᠠᠩᠭᠢᠵᠢᠷᠠᠭᠤᠯᠬᠤ  ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠵᠤ᠂ ᠬᠥᠳᠡᠭᠡ ᠲᠣᠰᠬᠤᠨ ᠤ ᠪᠥᠬᠦ ᠲᠠᠯ᠎ᠠ ᠶᠢᠨ ᠬᠥᠭᠵᠢᠯ ᠮᠠᠨᠳᠤᠯ ᠪᠠ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠳᠤ ᠰᠢᠨ᠎ᠡ ᠬᠥᠳᠡᠯᠭᠡᠭᠦ ᠬᠦᠴᠦᠨ ᠨᠡᠮᠡᠷᠢᠯᠡᠬᠦ ᠪᠣᠯᠣᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号