ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ | ᠪᠡᠯᠭᠡᠯᠡᠬᠦ ᠶᠡᠭᠡ ᠬᠤᠷᠠᠯ 5 ᠰᠠᠷ᠎ᠠ ᠶᠢᠨ 10 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠵᠤ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠶᠡᠭᠡ | ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠭᠰᠠᠨ ᠪᠠᠶᠢᠨ᠎ᠠ᠃ ᠡᠨᠡ ᠡᠳᠦᠷ᠂ ᠡᠪ ᠬᠠᠮᠲᠤ | ᠵᠠᠯᠠᠭᠤᠴᠤᠳ ᠤᠨ ᠡᠪᠯᠡᠯ ᠤᠨ ᠲᠠᠶᠢᠹᠤᠰᠧ ᠬᠤᠰᠢᠭᠤᠨ ᠤ ᠬᠤᠷᠢᠶ᠎ᠠ ᠨᠢ ᠡᠯ᠎ᠡ ᠦᠨᠳᠦᠰᠦᠳᠡᠨ ᠡᠯ᠎ᠡ ᠡᠳᠡᠭᠡᠳ ᠤᠨ | ᠵᠠᠯᠠᠭᠤᠴᠤᠳ᠂ ᠦᠨᠳᠦᠰᠦᠨ ᠱᠠᠲᠤᠨ ᠤ ᠡᠪᠯᠡᠯ ᠤᠨ ᠭᠡᠰᠢᠭᠦᠨ᠂ ᠦᠢᠯᠡᠰ ᠪᠣᠰᠬᠠᠵᠤ ᠪᠠᠶᠠᠵᠢᠨ ᠴᠢᠨᠡᠭᠡᠯᠢᠭᠵᠢᠭᠰᠡᠨ | ᠳᠠᠭᠠᠭᠤᠯᠤᠭᠴᠢ ᠵᠠᠯᠠᠭᠤ ᠵᠡᠷᠭᠡ ᠶᠢ ᠵᠣᠬᠢᠶᠠᠨ ᠪᠠᠶᠢᠭᠤᠯᠵᠤ᠂ ᠶᠡᠭᠡ ᠬᠤᠷᠠᠯ ᠤᠨ ᠶᠠᠷᠢᠶ᠎ᠠ ᠢᠯᠡᠳᠭᠡᠯ ᠢ ᠰᠤᠨᠤᠰᠴᠠᠢ᠃ | ᠰᠢ ᠶᠢᠨ ᠫᠢᠩ ᠶᠡᠷᠦᠩᠬᠡᠢ ᠱᠦᠵᠢ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠨᠢ | ᠲᠠᠶᠢᠹᠤᠰᠧ ᠬᠤᠰᠢᠭᠤᠨ ᠤ ᠡᠪᠯᠡᠯ ᠤᠨ ᠭᠡᠰᠢᠭᠦᠨ ᠵᠠᠯᠠᠭᠤᠴᠤᠳ ᠤᠨ ᠳᠤᠮᠳᠠ ᠴᠢᠩᠭ᠎ᠠ ᠲᠤᠰᠬᠠᠯ ᠭᠠᠷᠭᠠᠪᠠ᠃ | ᠵᠠᠯᠠᠭᠤᠴᠤᠳ ᠤᠨ ᠲᠥᠯᠥᠭᠡᠯᠡᠭᠴᠢ ᠯᠢ ᠽᠦ ᠢᠦᠢ᠄ ︽ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠨᠢ | ᠤᠳᠬ᠎ᠠ ᠰᠠᠨᠠᠭ᠎ᠠ ᠬᠦᠨ᠂ ᠰᠡᠳᠬᠢᠯ ᠬᠦᠪᠴᠢᠯᠡᠭᠰᠡᠨ ᠶᠠᠷᠢᠶ᠎ᠠ ᠪᠠᠶᠢᠵᠤ᠂ ᠡᠪ ᠬᠠᠮᠲᠤ ᠵᠠᠯᠠᠭᠤᠴᠤᠳ ᠤᠨ ᠡᠪᠯᠡᠯ ᠳᠤ | ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ ᠥᠭᠭᠦᠭᠰᠡᠨ ᠪᠥᠭᠡᠳ ᠤᠳᠤ ᠦᠶ᠎ᠡ ᠶᠢᠨ ᠵᠠᠯᠠᠭᠤᠴᠤᠳ ᠲᠤ ᠴᠢᠩ | ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠭᠰᠠᠨ ᠪᠠᠶᠢᠨ᠎ᠠ᠃ ᠰᠢᠨ᠎ᠡ ᠴᠠᠭ ᠦᠶ᠎ᠡ ᠶᠢᠨ ᠵᠠᠯᠠᠭᠤᠴᠤᠳ ᠪᠣᠯᠤᠭᠰᠠᠨ ᠤ | ᠬᠤᠪᠢ ᠳᠤ ᠪᠢᠳᠡ ᠤᠯᠤᠰ ᠬᠦᠷᠦᠨ ᠤ ᠶᠡᠭᠡ ᠦᠢᠯᠡᠰ ᠢ ᠰᠡᠳᠬᠢᠯ ᠳᠡᠭᠡᠨ ᠪᠤᠳᠤᠵᠤ᠂ ᠠᠤᠭ᠎ᠠ ᠵᠣᠷᠢᠭ ᠢ ᠡᠪᠦᠷᠯᠡᠨ᠂ | ᠢᠳᠡᠭᠡᠯ ᠬᠦᠰᠡᠯᠡᠩ ᠢᠶᠠᠨ ᠪᠠᠳᠤᠳᠬᠠᠵᠤ᠂ ᠥᠷᠯᠥᠭᠡ ᠦᠳᠡᠰᠢ ᠶᠢ ᠲᠡᠮᠡᠴᠡᠨ᠂ ᠵᠠᠯᠠᠭᠤ ᠨᠠᠰᠤ ᠪᠠᠨ ᠬᠥᠰᠡᠷᠳᠡᠭᠦᠯᠬᠦ | ᠦᠭᠡᠢ ᠪᠠᠶᠢᠵᠤ᠂ ᠵᠠᠯᠠᠭᠤ ᠨᠠᠰᠤ ᠪᠠ ᠣᠷᠭᠢᠯᠤᠮ᠎ᠠ ᠰᠡᠳᠬᠢᠯᠭᠡ ᠪᠠᠨ ᠠᠵᠢᠯ ᠦᠢᠯᠡᠰ ᠲᠡᠭᠡᠨ ᠵᠣᠷᠢᠭᠤᠯᠵᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠦᠰᠡᠯ ᠵᠡᠭᠦᠳᠦ ᠶᠢ ᠲᠡᠷᠭᠡᠯᠰᠢᠭᠦᠯᠬᠦ ᠶᠢᠨ | ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ︾᠃ | ᠬᠤᠶᠠᠳᠤᠭᠠᠷ ᠳᠤᠮᠳᠠᠳᠤ ᠰᠤᠷᠭᠠᠭᠤᠯᠢ ᠶᠢᠨ ᠠᠩᠬ᠎ᠠ ᠭᠤᠷᠪᠠᠳᠤᠭᠠᠷ ᠤᠨ ᠤ ᠰᠤᠷᠤᠭᠴᠢ ᠹᠠᠨ ᠸᠧᠨ ᠵᠢᠶᠠ᠄ ︽ | ᠰᠢᠭᠤᠳ ᠨᠡᠪᠲᠡᠷᠡᠭᠦᠯᠭᠡ ᠶᠢ ᠦᠵᠡᠵᠦ᠂ ᠶᠡᠷᠦᠩᠬᠡᠢ ᠱᠦᠵᠢ ᠶᠢᠨ ᠶᠠᠷᠢᠶ᠎ᠠ ᠶᠢ ᠰᠣᠨᠣᠰᠤᠭᠠᠳ ᠶᠡᠬᠡᠳᠡ | ᠵᠤᠷᠢᠬᠵᠢᠭᠰᠠᠨ᠃ ᠡᠪᠯᠡᠯ ᠤᠨ ᠭᠡᠰᠢᠭᠦᠨ ᠪᠣᠯᠤᠭᠰᠠᠨ ᠤ ᠬᠤᠪᠢ ᠳᠤ ᠬᠤᠶᠢᠰᠢᠳᠠ ᠪᠢ ᠨᠡᠩ ᠢᠯᠡᠬᠦᠦ ᠴᠢᠷᠮᠠᠶᠢᠨ | ᠰᠤᠷᠤᠯᠴᠠᠵᠤ᠂ ᠢᠳᠡᠪᠬᠢᠲᠡᠢ ᠪᠠᠷ ᠤᠷᠤᠭᠰᠢᠯᠠᠨ ᠳᠠᠪᠰᠢᠵᠤ᠂ ᠪᠡᠶ᠎ᠡ ᠳᠡᠭᠡᠨ ᠢᠳᠡᠭᠡᠯ ᠲᠠᠢ᠂ ᠦᠪᠡᠷᠳᠡᠭᠡᠨ | ᠬᠦᠴᠦᠷᠭᠡᠭᠵᠢᠭᠰᠡᠨ᠂ ᠤᠬᠠᠮᠰᠠᠷ ᠠᠴᠠ ᠪᠠᠨ ᠴᠠᠭ ᠦᠶ᠎ᠡ ᠶᠢᠨ ᠬᠦᠨᠳᠦ ᠡᠭᠦᠷᠭᠡ ᠶᠢ ᠡᠬᠦᠷᠭᠡᠯᠡᠭᠰᠡᠨ ᠰᠠᠶᠢᠨ | ᠵᠠᠯᠭᠠᠮᠵᠢᠯᠠᠭᠴᠢ ᠪᠣᠯᠬᠤ ᠪᠠᠷ ᠴᠢᠷᠮᠠᠶᠢᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ︾᠃ | ᠭᠠᠯ ᠤᠨᠳᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠶᠢᠨ ᠪᠠᠶᠢᠯᠳᠤᠭᠴᠢ ᠸᠠᠩ ᠽᠧ ᠫᠧᠩ᠄ ︽ | ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠶᠢ ᠰᠣᠨᠣᠰᠬᠤ ᠪᠠᠷ ᠲᠠᠮᠵᠢᠭᠠᠳ᠂ ᠪᠢᠳᠡ ᠰᠢᠨ᠎ᠡ ᠴᠠᠭ ᠦᠶ᠎ᠡ ᠶᠢᠨ | ᠬᠥᠭᠵᠢᠯᠲᠡ ᠳᠤ ᠵᠣᠬᠢᠴᠠᠵᠤ᠂ ᠰᠢᠨ᠎ᠡ ᠴᠠᠭ ᠦᠶ᠎ᠡ ᠶᠢᠨ ᠠᠯᠬᠤᠭ᠎ᠠ ᠶᠢ ᠲᠠᠭᠠᠨ᠂ ᠭᠡᠪ ᠪᠣᠯᠪᠠᠰᠤᠷᠠᠯ ᠢᠶᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠪᠯᠡᠯ ᠤᠨ ᠡᠭᠦᠷ ᠤᠨ ᠵᠣᠬᠢᠶᠠᠨ ᠪᠠᠶᠢᠭᠤᠯᠤᠭᠰᠠᠨ ᠡᠯ᠎ᠡ ᠲᠦᠷᠦᠯ ᠤᠨ | ᠬᠦᠳᠡᠯᠪᠦᠷᠢ ᠠᠵᠢᠯᠯᠠᠭ᠎ᠠ ᠳᠤ ᠢᠳᠡᠪᠬᠢᠳᠡᠢ ᠤᠷᠤᠯᠴᠠᠨ᠂ ᠰᠢᠨᠵᠢᠯᠡᠬᠦ ᠤᠬᠠᠭᠠᠨ ᠰᠣᠶᠣᠯ ᠮᠡᠳᠡᠯᠭᠡ ᠶᠢ ᠴᠢᠷᠮᠠᠶᠢᠨ | ᠰᠤᠷᠤᠯᠴᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠰᠠᠶᠢᠨ ᠬᠢᠵᠦ᠂ ᠪᠦᠬᠦ ᠲᠠᠯ᠎ᠠ ᠪᠠᠷ ᠬᠥᠭᠵᠢᠭᠰᠡᠨ | ᠰᠢᠨ᠎ᠡ ᠴᠠᠭ ᠦᠶ᠎ᠡ ᠶᠢᠨ ᠭᠠᠯ ᠤᠨᠲᠠᠷᠠᠭᠠᠭᠴᠢ ᠪᠣᠯᠬᠤ ᠬᠡᠷᠡᠭᠲᠡᠢ ᠭᠡᠳᠡᠭ ᠢ ᠪᠢ ᠭᠦᠨ ᠣᠶᠢᠯᠠᠭᠠᠯ᠎ᠠ ︾᠃ | ᠵᠡᠪᠰᠡᠭᠲᠦ ᠴᠠᠭᠳᠠᠭᠠᠨ ᠤ ᠲᠤᠮᠳᠠ ᠠᠩᠬᠢ ᠶᠢᠨ ᠪᠠᠶᠢᠯᠳᠤᠭᠴᠢ ᠭᠤᠤ ᠬᠤᠩ ᠹᠦ᠋᠄ ︽ ᠮᠠ ᠤ ᠵᠠᠯᠠᠭᠤ ᠨᠠᠰᠤ | ᠪᠤᠯ ᠬᠠᠷᠢᠭᠤᠴᠠᠯᠭ᠎ᠠ ᠡᠭᠦᠷᠭᠡᠯᠡᠬᠦ ᠵᠠᠯᠠᠭᠤ ᠨᠠᠰᠤ᠂ ᠴᠢᠷᠮᠠᠶᠢᠨ ᠲᠡᠮᠡᠴᠡᠬᠦ ᠵᠠᠯᠠᠭᠤ ᠨᠠᠰᠤ᠂ ᠬᠠᠮᠤᠭ ᠤᠨ ᠭᠤᠶᠤ | ᠵᠠᠯᠠᠭᠤ ᠨᠠᠰᠤ ᠶᠤᠮ᠃ ᠮᠠᠨ ᠤ ᠵᠠᠯᠠᠭᠤᠴᠤᠳ ᠡᠷᠭᠡᠪᠰᠢ ᠥᠷᠯᠥᠭᠡ ᠦᠳᠡᠰᠢ ᠶᠢ ᠲᠡᠮᠡᠴᠡᠨ᠂ ᠵᠠᠯᠠᠭᠤ ᠨᠠᠰᠤ ᠪᠠᠨ | ᠬᠥᠰᠡᠷᠳᠡᠭᠦᠯᠬᠦ ᠦᠭᠡᠢ ᠪᠠᠷ ᠯᠠᠪᠳᠠᠭᠤᠨ ᠪᠠᠲᠤᠲᠠᠢ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠦᠰᠡᠯ ᠵᠡᠭᠦᠳᠦ ᠪᠠᠨ | ᠵᠣᠷᠢᠭᠲᠠᠢ ᠪᠡᠶᠡᠯᠡᠬᠦᠯᠦᠨ᠂ ᠵᠠᠯᠠᠭᠤ ᠨᠠᠰᠤᠨ ᠤ ᠴᠤᠭ ᠵᠢᠪᠬᠤᠭ᠎ᠠ ᠪᠠᠨ ᠪᠠᠳᠠᠷᠠᠭᠤᠯᠵᠤ᠂ ᠵᠠᠯᠠᠭᠤ ᠨᠠᠰᠤᠨ ᠤ | ᠭᠠᠪᠢᠶ᠎ᠠ ᠵᠢᠳᠬᠦᠯ ᠢ ᠪᠠᠶᠢᠭᠤᠯᠬᠤ ᠬᠡᠷᠡᠭᠲᠡᠢ︾᠃ |