ᠰᠤᠪᠢᠯᠠᠭᠴᠢ ᠶᠢᠨ ᠪᠠᠶᠠᠷ ᠢᠶᠠᠨ ᠢᠩᠬᠢᠵᠦ ᠲᠡᠮᠳᠡᠭᠯᠡᠯ᠎ᠡ
ᠨᠡᠶᠢᠲᠡᠯᠡᠭᠰᠡᠨ ᠴᠠᠭ᠄
2022/5/12
 ︽5.12︾ ᠰᠤᠪᠢᠯᠠᠭᠴᠢ ᠶᠢᠨ ᠪᠠᠶᠠᠷ ᠤᠨ ᠡᠳᠦᠷ ᠢ ᠲᠤᠬᠢᠶᠠᠯᠳᠤᠭᠤᠯᠵᠤ᠂  ᠲᠠᠶᠢᠹᠤᠰᠧ ᠬᠤᠰᠢᠭᠤᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢᠳ ᠬᠤᠰᠢᠭᠤᠨ ᠤ ᠨᠠᠰᠤᠳᠠᠶᠢᠴᠤᠳ ᠤᠨ ᠠᠰᠠᠷᠠᠮᠵᠢ  ᠶᠢᠨ ᠬᠦᠷᠢᠶᠡᠯᠡᠩ ᠳᠤ ᠭᠦᠨᠵᠡᠭᠡᠶᠢᠷᠡᠨ᠂ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠦᠷᠨᠢᠬᠦᠯᠦᠭᠡᠳ᠂  ᠨᠠᠨᠳᠢᠩᠭᠧᠷ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠵᠤ ᠨᠠᠰᠤᠲᠠᠨ ᠢᠶᠠᠨ ᠬᠠᠪᠰᠤᠷᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠣᠶᠢᠯᠠᠭᠠᠭᠳᠠᠬᠤᠨ ᠢ ᠦᠢᠯᠡᠳᠦᠯᠭᠡᠵᠢᠬᠦᠯᠦᠭᠰᠡᠨ ᠪᠠᠶᠢᠨ᠎ᠠ᠃ ᠡᠮᠨᠡᠯᠭᠡ ᠶᠢᠨ ᠠᠵᠢᠯᠲᠠᠳ ᠨᠠᠰᠤᠲᠠᠶᠢᠴᠤᠳ ᠲᠠᠢ ᠰᠡᠳᠬᠢᠯ ᠤᠨ ᠦᠭᠡ ᠪᠠᠨ ᠲᠤᠳᠤᠨᠤᠰᠤᠭ ᠢᠶᠠᠷ  ᠶᠠᠷᠢᠯᠴᠠᠨ᠂   ᠪᠡᠶ᠎ᠡ ᠮᠠᠬᠠᠪᠤᠳ ᠤᠨ ᠪᠠᠶᠢᠳᠠᠯ ᠢ ᠨᠢ ᠯᠠᠪᠯᠠᠵᠤ᠂ ᠡᠮ ᠬᠡᠷᠡᠭᠯᠡᠬᠦ᠂ ᠢᠳᠡᠵᠦ ᠤᠤᠭᠤᠬᠤ᠂ ᠬᠤᠨᠣᠵᠤ ᠬᠡᠪᠲᠡᠬᠦ ᠲᠠᠯ᠎ᠠ ᠪᠠᠷ ᠡᠷᠡᠭᠦᠯ ᠬᠠᠮᠠᠭᠠᠯᠠᠯ ᠤᠨ  ᠵᠢᠯᠤᠭᠤᠳᠤᠯᠭ᠎ᠠ ᠬᠢᠭᠰᠡᠨ ᠪᠦᠭᠡᠳ ᠴᠢᠰᠤᠨ ᠳᠠᠷᠤᠯᠲᠠ᠂ ᠴᠢᠰᠤᠨ ᠰᠢᠬᠢᠷ  ᠂ ᠵᠢᠷᠦᠬᠡᠨ ᠤ ᠯᠤᠭᠰᠢᠯᠲᠠ ᠵᠡᠷᠭᠡ ᠶᠢ ᠨᠢ ᠪᠠᠶᠢᠴᠠᠭᠠᠨ ᠬᠡᠮᠵᠢᠵᠦ ᠦᠭᠴᠡᠢ᠃  ᠡᠨᠡ ᠤᠳᠠᠭᠠᠨ ᠤ ᠠᠵᠢᠯᠯᠠᠭ᠎ᠠ ᠨᠢ ᠨᠠᠰᠤᠲᠠᠶᠢᠴᠤᠳ ᠲᠤ ᠬᠠᠶᠢᠷ᠎ᠠ ᠬᠠᠯᠠᠮᠵᠢ ᠬᠦᠷᠲᠡᠭᠡᠭᠰᠡᠨ ᠢᠶᠠᠷ ᠪᠠᠷᠠᠬᠤ ᠦᠭᠡᠢ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠤᠬᠠᠮᠰᠠᠷ᠂ ᠡᠪᠡᠳᠴᠢᠨ ᠠᠴᠠ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠰᠤᠲᠠᠨ ᠢᠶᠠᠨ ᠠᠰᠠᠷᠠᠬᠤ᠂ ᠨᠠᠰᠤᠲᠠᠨ ᠢᠶᠠᠨ ᠠᠴᠢᠯᠠᠬᠤ᠂ ᠨᠠᠰᠤᠲᠠᠨ ᠢᠶᠠᠨ ᠬᠦᠨᠳᠦᠯᠡᠬᠦ ᠨᠡᠶᠢᠭᠡᠮ ᠤᠨ ᠠᠭᠤᠷ ᠠᠮᠢᠰᠬᠤᠯ ᠢ ᠪᠣᠶ  ᠪᠤᠯᠭᠠᠭᠠᠳ᠂ ᠦᠷᠭᠡᠨ ᠤᠯᠠᠨ ᠨᠠᠰᠤᠲᠠᠶᠢᠴᠤᠳ ᠤᠨ ᠮᠠᠭᠳᠠᠭᠠᠯ ᠲᠠᠭᠠᠰᠢᠶᠠᠯ  ᠢ ᠣᠯᠣᠭᠰᠠᠨ ᠪᠠᠶᠢᠨ᠎ᠠ᠃     ᠲᠠᠶᠢᠹᠦᠰᠧ ᠬᠤᠰᠢᠭᠤᠨ ᠤ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠤᠨ ᠳᠠᠷᠤᠭ᠎ᠠ ᠳ᠋ᠦᠩ ᠶᠦᠨ ᠱᠧᠩ᠄ ︽ᠰᠤᠪᠢᠯᠠᠭᠴᠢ ᠶᠢᠨ ᠪᠠᠶᠠᠷ ᠤᠨ ᠡᠳᠦᠷ ᠢᠶᠠᠷ᠂ ᠡᠮᠴᠢ ᠰᠤᠪᠢᠯᠠᠭᠴᠢᠳ ᠮᠠᠨ ᠤ ᠠᠰᠠᠷᠠᠮᠵᠢ ᠶᠢᠨ ᠬᠦᠷᠢᠶᠡᠯᠡᠩ ᠳᠤ ᠢᠷᠡᠵᠦ ᠨᠠᠰᠤᠲᠠᠶᠢᠴᠤᠳ ᠲᠤ ᠦᠨ᠎ᠡ ᠲᠦᠯᠦᠪᠦᠷᠢ ᠦᠭᠡᠢ ᠪᠠᠷ ᠪᠡᠶ᠎ᠡ ᠶᠢᠨ ᠪᠠᠶᠢᠴᠠᠭᠠᠯᠳᠠ ᠬᠢᠵᠦ ᠥᠭᠭᠦᠭᠰᠡᠨ ᠪᠥᠭᠡᠳ ᠭᠡᠷᠡᠭᠴᠡᠭᠡᠳᠡᠢ ᠡᠮ ᠤᠨ ᠦᠢᠯᠡᠰ ᠪᠣᠯᠣᠨ ᠵᠢᠮᠢᠰ ᠨᠤᠭᠤᠭ᠎ᠠ   ᠶᠢ ᠬᠦᠷᠭᠡᠵᠦ ᠢᠷᠡᠭᠰᠡᠨ ᠪᠠᠶᠢᠨ᠎ᠠ ᠃  ᠶᠡᠷᠦ ᠨᠢ᠂ ᠬᠢᠳᠠᠳ ᠮᠣᠩᠭᠤᠯ ᠤᠨ ᠡᠮᠨᠡᠯᠭᠡ   ᠶᠢᠨ ᠬᠤᠷᠢᠶᠠᠨ ᠤ ᠬᠢᠨ ᠠᠳᠡᠬᠢ ᠨᠠᠰᠤᠲᠠᠶᠢᠴᠤᠳ ᠢ ᠪᠠᠶᠢᠩᠭᠤ ᠬᠠᠯᠠᠮᠵᠢᠯᠠᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠦᠷᠢᠶᠡᠯᠡᠩ ᠳᠤ ᠢᠷᠡᠵᠦ ᠠᠯᠪᠠᠨ ᠵᠢᠷᠤᠮ ᠤᠨ ᠡᠮᠴᠢᠯᠡᠭᠡ ᠬᠢᠳᠡᠭ ᠶᠤᠮ᠃ ᠲᠡᠳᠡ   ᠠᠷᠠᠳ ᠣᠯᠠᠨ ᠳᠤ ᠪᠣᠳᠠᠲᠠᠢ ᠠᠵᠢᠯ  ᠬᠢᠭᠰᠡᠨ ᠢᠶᠠᠷ ᠪᠠᠷᠠᠬᠤ ᠦᠬᠡᠢ᠂ ᠨᠠᠰᠤᠲᠠᠶᠢᠴᠤᠳ ᠤᠨ ᠡᠪᠡᠳᠴᠢᠨ ᠡᠮᠭᠡᠭ   ᠢ ᠰᠡᠷᠭᠡᠶᠢᠯᠡᠬᠦ ᠪᠠ  ᠪᠡᠶ᠎ᠡ ᠮᠠᠬᠠᠪᠤᠳ ᠢᠶᠠᠨ ᠡᠷᠡᠭᠦᠯᠵᠢᠭᠦᠯᠬᠦ ᠦᠵᠡᠯ ᠤᠬᠠᠮᠰᠠᠷ   ᠢ ᠴᠤ ᠲᠡᠭᠡᠭᠰᠢᠯᠡᠬᠦᠯᠵᠡᠢ︾᠃     ᠰᠤᠪᠢᠯᠠᠭᠴᠢ ᠯᠢ ᠯᠢ᠄ ︽ᠦᠨᠦᠳᠦᠷ ᠪᠣᠯ ᠮᠠᠨ ᠤ ᠡᠮᠨᠡᠯᠬᠡ ᠶᠢᠨ ᠠᠵᠢᠯᠲᠠᠳ ᠤᠨ ᠣᠮᠣᠭᠰᠢᠭᠤᠰᠢᠲᠠᠢ ᠪᠥᠭᠡᠳ ᠳᠤᠷᠠᠰᠬᠠᠭᠤᠰᠢᠲᠠᠢ ᠡᠳᠦᠷ ᠪᠣᠯᠣᠨ᠎ᠠ᠃ ᠣᠷᠳᠣ ᠬᠤᠭᠤᠴᠠᠭᠠᠨ ᠤ ᠲᠤᠷᠰᠢ᠂ ᠪᠢᠳᠡ ᠪᠥᠬᠦ ᠰᠡᠳᠬᠢᠯ ᠪᠥᠬᠦ ᠵᠣᠷᠢᠭ ᠢᠶᠠᠷ  ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠪᠠᠷᠢᠮᠲᠠᠯᠠᠵᠤ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠨᠠᠷᠢᠨ ᠬᠢᠨᠠᠮᠠᠭᠠᠢ ᠠᠵᠢᠯᠴᠢ ᠬᠢᠴᠢᠶᠡᠩᠭᠦᠢ ᠪᠠᠷ ᠠᠵᠢᠯᠯᠠᠵᠤ᠂  ᠡᠷᠡᠬᠦᠯ ᠬᠠᠮᠠᠭᠠᠯᠠᠯ ᠤᠨ ᠦᠢᠯᠡᠰ ᠲᠤ ᠬᠦᠴᠦᠨ ᠴᠢᠳᠠᠯ ᠢᠶᠠᠨ ᠡᠷᠭᠦᠭᠰᠡᠭᠡᠷ ᠢᠷᠡᠯ᠎ᠡ᠃ ᠬᠤᠶᠢᠰᠢᠳᠠ ᠴᠤ ᠭᠡᠰᠡᠨ  ᠨᠠᠨᠳᠢᠩᠭᠧᠷ ᠤᠨ  ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂  ᠡᠮᠴᠢ ᠰᠤᠪᠢᠯᠠᠭᠴᠢ ᠶᠢᠨ ᠨᠡᠷ᠎ᠡ ᠠᠯᠳᠠᠷ ᠲᠠᠭᠠᠨ ᠤᠰᠤᠯᠳᠠᠯ ᠦᠬᠡᠢ ᠶᠠᠪᠤᠨ᠎ᠠ︾᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号