ᠬᠤᠭᠤᠴᠠᠭ᠎ᠠ ᠨᠢ ᠭᠡᠳᠦᠷᠡᠭᠰᠡᠨ ᠪᠠᠩᠬᠢ ᠶᠢᠨ ᠵᠢᠭᠡᠯᠡᠯᠭᠡ ᠪᠠᠨ ᠪᠤᠴᠠᠭᠠᠬᠤ ᠲᠤᠬᠠᠢ ᠠᠯᠪᠠᠨ ᠠᠵᠢᠯᠳᠠᠳ  ᠲᠤ ᠦᠭᠬᠦ ᠰᠠᠨᠠᠭᠠᠴᠢᠯᠠᠭ᠎ᠠ
ᠨᠡᠶᠢᠲᠡᠯᠡᠭᠰᠡᠨ ᠴᠠᠭ᠄
2022/5/13
  ᠮᠥᠩᠭᠦᠨ ᠭᠦᠢᠯᠭᠡᠭᠡᠨ ᠤ ᠬᠦᠷᠢᠶ᠎ᠡ ᠴᠠᠷᠠᠭᠠᠨ ᠳᠠᠬᠢ ᠬᠦᠨᠳᠦ ᠶᠡᠭᠡ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ᠂ ᠢᠲᠡᠭᠡᠯ ᠠᠯᠳᠠᠭᠰᠠᠨ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢ ᠬᠠᠮᠠᠭᠠᠯᠠᠨ᠂ ᠠᠯᠪᠠᠨ ᠠᠵᠢᠯᠲᠠᠨ ᠤ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠬᠤ ᠶᠢᠨ ᠲᠥᠯᠥᠭᠡ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠢ ᠪᠠᠩᠬᠢ ᠶᠢᠨ ᠵᠢᠭᠡᠯᠡᠯᠭᠡ  ᠶᠢᠨ  ᠬᠤᠭᠤᠴᠠᠭ᠎ᠠ ᠨᠢ ᠬᠡᠳᠦᠷᠡᠭᠰᠡᠨ ᠠᠯᠪᠠᠨ ᠠᠵᠢᠯᠳᠠᠳ ᠲᠤ ᠱᠠᠯᠠᠪᠬᠠᠨ ᠪᠤᠴᠠᠭᠠᠬᠤ ᠰᠠᠨᠠᠭᠠᠴᠢᠯᠠᠭ᠎ᠠ ᠶᠢ ᠭᠠᠷᠭᠠᠪᠠ   ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠭᠡᠷᠡᠭᠳᠡᠢ᠃ ᠬᠦᠨᠳᠦ ᠶᠡᠭᠡ  ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠭᠤᠣᠯᠳᠠᠯᠭ᠎ᠠ ᠨᠢ ᠮᠥᠩᠭᠦᠨ ᠭᠦᠢᠯᠭᠡᠭᠡ ᠳᠤ ᠪᠤᠢ᠃ ᠰᠢ ᠶᠢᠨ ᠫᠢᠩ ᠶᠡᠷᠦᠩᠬᠡᠢ ᠱᠦᠵᠢ ᠮᠥᠩᠭᠦᠨ ᠭᠦᠢᠯᠭᠡᠭᠡᠨ ᠤ  ᠢᠯᠵᠡᠷᠡᠯ ᠢ ᠡᠰᠡᠷᠭᠦᠴᠡᠬᠦ ᠪᠠ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠢᠢᠳᠪᠦᠷᠢᠯᠡᠬᠦ ᠶᠢ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠬᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠦᠭᠴᠡᠢ᠃  ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠵᠢᠭᠡᠯᠡᠯᠭᠡ ᠶᠢ ᠬᠤᠷᠢᠶᠠᠬᠤ ᠳᠤ ᠬᠠᠮᠵᠢᠯᠴᠠᠨ᠂ ᠠᠯᠪᠠᠨ  ᠠᠵᠢᠯᠳᠠᠨ  ᠂ ᠢᠯᠠᠩᠭᠤᠶ᠎ᠠ ᠨᠠᠮ ᠤᠨ ᠭᠡᠰᠢᠭᠦᠨ ᠺᠠᠳ᠋ᠷᠴᠤᠳ ᠤᠨ ᠬᠤᠭᠤᠴᠠᠭ᠎ᠠ ᠨᠢ ᠬᠡᠲᠦᠷᠡᠭᠰᠡᠨ ᠵᠢᠭᠡᠯᠡᠯᠭᠡ ᠶᠢ ᠢᠳᠡᠪᠬᠢᠲᠡᠢ ᠪᠠᠷ ᠲᠦᠯᠦᠬᠦᠯᠵᠦ ᠪᠤᠴᠠᠭᠠᠯᠭᠠᠬᠤ ᠭᠡᠷᠡᠭᠳᠡᠢ᠂ ᠡᠨᠡ  ᠪᠤᠯ ᠶᠡᠷᠦᠩᠬᠡᠢ ᠱᠦᠵᠢ   ᠶᠢᠨ ᠴᠢᠬᠤᠯᠠ ᠵᠢᠭᠠᠪᠤᠷᠢ ᠳᠤ  ᠦᠭᠬᠦ ᠢᠳᠡᠪᠬᠢᠲᠡᠢ ᠬᠠᠷᠢᠭᠤ ᠲᠤᠰᠬᠠᠯ᠂ ᠮᠦᠨᠴᠦ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠦᠨ᠂ ︽ᠲᠦᠷᠪᠡᠨ ᠤᠬᠠᠮᠰᠠᠷ︾ ᠢᠶᠠᠨ ᠴᠢᠩᠭᠠᠷᠠᠭᠤᠯᠵᠤ᠂ ︽ᠲᠦᠷᠪᠡᠨ ᠢᠲᠡᠭᠡᠯ︾ ᠢᠶᠠᠨ ᠪᠠᠳᠤᠳᠬᠠᠨ᠂  ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢᠨ ᠪᠣᠳᠠᠲᠠᠢ ᠢᠯᠡᠷᠡᠯ ᠪᠤᠯᠤᠨ᠎ᠠ᠃ ᠠᠯᠪᠠᠨ ᠠᠵᠢᠯᠳᠠᠳ ᠬᠤᠭᠤᠴᠠᠭ᠎ᠠ ᠨᠢ ᠬᠡᠲᠦᠷᠡᠭᠰᠡᠨ ᠵᠢᠭᠡᠯᠡᠯᠭᠡ ᠪᠠᠨ ᠢᠳᠡᠪᠬᠢᠲᠡᠢ ᠪᠥᠭᠡᠳ ᠰᠠᠨᠠᠭᠠᠴᠢᠯᠠᠭ᠎ᠠ  ᠠᠴᠠ ᠪᠠᠨ ᠪᠤᠴᠠᠭᠠᠬᠤ ᠨᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠤᠯᠤᠰ ᠲᠥᠷᠥ ᠶᠢᠨ ᠠᠮᠢ ᠠᠬᠤᠢ ᠶᠢ ᠴᠡᠪᠡᠷᠰᠢᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃     ᠪᠠᠩᠬᠢ ᠶᠢᠨ ᠵᠢᠭᠡᠯᠡᠯᠭᠡ ᠪᠠᠨ ᠢᠳᠡᠪᠬᠢᠲᠡᠢ ᠪᠠᠷ ᠲᠥᠯᠥᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠬᠦᠴᠦᠨ  ᠨᠡᠮᠡᠷᠢᠯᠡᠬᠦ ᠭᠡᠷᠡᠭᠳᠡᠢ᠃  ᠵᠢᠬᠡᠯᠯᠡᠭᠡ ᠠᠪᠤᠭᠰᠠᠨ ᠬᠥᠮᠥᠨ ᠤ ᠠᠵᠢᠯᠯᠠᠵᠤ ᠪᠠᠶᠢᠭ᠎ᠠ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠨᠢ ᠢᠳᠡᠪᠬᠢᠲᠡᠢ ᠬᠦᠳᠡᠯᠦᠯᠴᠡᠨ᠂ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠠᠯᠪᠠᠨ ᠠᠵᠢᠯᠳᠠᠳ ᠤᠨ ᠢᠶᠠᠨ ᠬᠢᠨᠠᠯᠳᠠ ᠬᠠᠮᠢᠶᠠᠷᠤᠯᠲᠠ ᠶᠢ  ᠴᠢᠩᠭᠠᠳᠬᠠᠨ᠂ ᠶᠠᠷᠢᠯᠴᠠᠬᠤ᠂ ᠰᠠᠨᠠᠭᠤᠯᠬᠤ᠂  ᠱᠠᠭᠠᠷᠳᠠᠬᠤ ᠵᠡᠷᠭᠡ ᠠᠷᠭ᠎ᠠ ᠮᠠᠶ᠋ᠢᠭ ᠢᠶᠠᠷ  ᠺᠠᠳ᠋ᠷ ᠠᠵᠢᠯᠳᠠᠳ ᠢ ᠬᠥᠲᠥᠯᠥᠨ ᠵᠢᠯᠤᠭᠤᠳᠴᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠪᠠᠲᠤ ᠪᠠᠬᠢ ᠪᠣᠶ ᠪᠤᠯᠭᠠᠨ᠂  ᠠᠯᠪᠠᠨ ᠠᠵᠢᠯᠲᠠᠨ ᠤ ᠡᠷᠡᠭᠦᠯ ᠪᠤᠰᠤ ᠵᠢᠭᠡᠯᠡᠯᠭᠡ ᠶᠢ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠵᠢ ᠳᠤ  ᠤᠷᠤᠭᠤᠯᠵᠤ᠂ ᠬᠤᠭᠤᠴᠠᠭ᠎ᠠ ᠨᠢ ᠭᠡᠳᠦᠷᠡᠭᠰᠡᠨ ᠵᠢᠭᠡᠯᠡᠯᠭᠡ ᠶᠢ ᠢᠳᠡᠪᠬᠢᠲᠡᠢ ᠪᠠᠷ ᠱᠠᠭᠠᠷᠳᠠᠵᠤ ᠪᠤᠴᠠᠭᠠᠯᠭᠠᠨ᠂  ᠠᠯᠪᠠᠨ ᠠᠵᠢᠯᠳᠠᠳ ᠢ ᠱᠠᠭᠠᠷᠳᠠᠵᠤ ᠦᠨᠡᠨᠴᠢ ᠢᠲᠡᠭᠡᠮᠵᠢᠲᠡᠢ ᠪᠣᠯᠪᠠᠰᠤᠨ ᠺᠠᠳ᠋ᠷ  ᠪᠤᠯᠭᠠᠬᠤ ᠬᠡᠷᠡᠭᠲᠡᠢ᠃ ᠪᠤᠴᠠᠭᠠᠬᠤ ᠬᠤᠭᠤᠴᠠᠭ᠎ᠠ ᠨᠢ ᠲᠤᠯᠤᠭᠰᠠᠨ ᠠᠯᠪᠠᠨ ᠠᠵᠢᠯᠳᠠᠳ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ ᠪᠠᠷᠢᠮᠳᠠᠯᠠᠵᠤ᠂  ᠤᠬᠠᠮᠰᠠᠷ ᠠᠴᠠ  ᠪᠠᠨ ᠪᠠᠩᠬᠢ ᠳᠤ ᠣᠴᠢᠵᠤ  ᠵᠢᠬᠡᠯᠡᠯᠭᠡ ᠪᠤᠴᠠᠭᠠᠬᠤ ᠡᠭᠦᠷᠭᠡ ᠪᠠᠨ ᠭᠦᠢᠴᠡᠳᠬᠡᠬᠦ ᠬᠡᠷᠡᠭᠲᠡᠢ ︵ᠦᠪᠡᠷᠳᠡᠭᠡᠨ ᠵᠢᠭᠡᠯᠡᠭᠰᠡᠨ ᠪᠤᠯ ᠦᠪᠡᠷᠳᠡᠭᠡᠨ ᠲᠥᠯᠥᠨ᠎ᠡ᠂  ᠦᠷᠦᠭᠡᠯ ᠲᠤ ᠪᠠᠳᠤᠯᠠᠭ᠎ᠠ ᠪᠤᠯᠤᠭᠰᠠᠨ ᠪᠤᠯ  ᠴᠠᠭᠠᠳᠤᠬᠢ ᠬᠦᠮᠦᠨ  ᠢᠶᠠᠨ ᠱᠠᠭᠠᠷᠳᠠᠨ ᠪᠤᠴᠠᠭᠠᠯᠭᠠᠬᠤ ᠶᠢᠨ ᠬᠠᠮᠲᠤ ᠬᠤᠯᠪᠤᠭᠳᠠᠬᠤ ᠬᠠᠷᠢᠭᠤᠴᠠᠯᠭ᠎ᠠ   ᠶᠢ  ᠡᠬᠦᠷᠭᠡᠯᠡᠵᠦ᠂  ᠵᠢᠭᠡᠯᠡᠭᠰᠡᠨ ᠬᠦᠮᠦᠨ ᠪᠤᠴᠠᠭᠠᠬᠤ ᠦᠭᠡᠢ ᠪᠤᠯ  ᠪᠠᠳᠤᠯᠠᠭᠰᠠᠨ ᠬᠦᠮᠦᠨ ᠬᠠᠷᠢᠭᠤᠴᠠᠨ ᠪᠤᠴᠠᠭᠠᠨ᠎ᠠ︶᠂ ᠨᠢᠭᠡᠨᠲᠡ ᠬᠠᠤᠯᠢ ᠶᠢᠨ ᠶᠠᠪᠤᠴᠠ ᠳᠤ ᠤᠷᠤᠭᠰᠠᠨ ᠪᠤᠯ᠂ ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ ᠢᠶᠠᠷ ᠲᠣᠭᠲᠠᠭᠠᠭᠰᠠᠨ ᠡᠭᠦᠷᠭᠡ ᠶᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠭᠦᠢᠴᠡᠳᠬᠡᠬᠦ ᠬᠡᠷᠡᠭᠲᠡᠢ᠃   ᠨᠡᠶᠢᠭᠡᠮ ᠨᠡᠶᠢᠲᠡ ᠶᠢᠨ ᠶᠣᠰᠣ ᠰᠤᠷᠳᠠᠬᠤᠨ ᠢ ᠰᠠᠬᠢᠵᠤ᠂  ᠰᠠᠬᠢᠯᠭ᠎ᠠ ᠪᠠᠳᠤ ᠳᠦᠷᠢᠮ ᠲᠣᠭᠲᠠᠭᠠᠯ ᠢ ᠵᠢᠷᠤᠮᠯᠠᠬᠤ ᠭᠡᠷᠡᠭᠳᠡᠢ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠣᠯ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ ᠶᠢᠨ ᠴᠢᠬᠤᠯᠠ ᠠᠭᠤᠯᠭ᠎ᠠ᠂  ᠮᠦᠨᠴᠦ ᠨᠡᠶᠢᠭᠡᠮ ᠨᠡᠶᠢᠲᠡ ᠶᠢᠨ ᠶᠣᠰᠣ  ᠰᠤᠷᠳᠠᠬᠤᠨ ᠤ ᠲᠣᠬᠢᠷᠠᠭᠤᠯᠤᠯᠲᠠ ᠶᠢᠨ ᠴᠢᠬᠤᠯᠠ ᠠᠭᠤᠯᠭ᠎ᠠ ᠮᠥᠨ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠳᠤ᠂  ᠨᠡᠶᠢᠭᠡᠮ ᠨᠡᠶᠢᠲᠡ ᠶᠢᠨ ᠶᠣᠰᠣ ᠰᠤᠷᠳᠠᠬᠤᠨ ᠠᠴᠠ  ᠬᠦᠨᠳᠦ ᠨᠣᠴᠢᠲᠠᠢ ᠵᠥᠷᠢᠴᠡᠭᠰᠡᠨ ᠪᠠᠶᠢᠪᠠᠯ᠂ ᠪᠣᠳᠠᠲᠠᠢ ᠪᠠᠶᠢᠳᠠᠯ ᠢ ᠨᠢ ᠦᠵᠡᠵᠦ ᠪᠠᠶᠢᠭᠠᠳ ᠵᠤᠬᠢᠬᠤ ᠰᠠᠬᠢᠯᠭ᠎ᠠ ᠪᠠᠲᠤ ᠶᠢᠨ ᠰᠢᠳᠬᠡᠯ ᠦᠭᠬᠦᠨ᠎ᠡ ᠬᠡᠵᠦ ᠲᠤᠭᠳᠠᠭᠰᠠᠨ ᠪᠠᠶᠢᠳᠠᠭ᠃  ᠵᠢᠭᠡᠯᠡᠯᠭᠡ ᠪᠠᠨ ᠪᠤᠴᠠᠭᠠᠬᠤ ᠦᠭᠡᠢ ᠪᠣᠯ ᠨᠡᠶᠢᠭᠡᠮ ᠨᠡᠶᠢᠲᠡ ᠶᠢᠨ ᠶᠣᠰᠣ  ᠰᠤᠷᠳᠠᠬᠤᠨ ᠠᠴᠠ ᠵᠥᠷᠢᠴᠡᠵᠦ᠂  ᠵᠤᠷᠢᠭᠤᠳᠠ ᠪᠤᠴᠠᠭᠠᠬᠤ ᠦᠬᠡᠢ ᠪᠤᠯ ᠪᠠᠰᠠ ᠨᠠᠮ ᠤᠨ ᠰᠠᠬᠢᠯᠭ᠎ᠠ ᠤᠯᠤᠰ ᠤᠨ ᠬᠠᠤᠯᠢ ᠶᠢ ᠵᠥᠷᠢᠴᠡᠭᠰᠡᠨ ᠶᠠᠪᠤᠳᠠᠯ ᠪᠣᠯᠣᠨ᠎ᠠ ᠭᠡᠳᠡᠭ ᠢ  ᠠᠯᠪᠠᠨ ᠠᠵᠢᠯᠳᠠᠳ ᠨᠢᠬᠡᠪᠦᠷᠢ ᠭᠦᠢᠴᠡᠳ ᠲᠠᠨᠢᠬᠤ ᠶᠤᠰᠤᠳᠠᠢ᠃  ᠡᠶᠢᠨᠬᠦ᠂ ᠮᠥᠩᠭᠦᠨ ᠭᠦᠢᠯᠭᠡᠭᠡᠨ ᠤ ᠬᠦᠷᠢᠶ᠎ᠡ ᠴᠠᠷᠠᠭ᠎ᠠ ᠶᠢᠨ ᠡᠮᠬᠢ ᠲᠢᠭᠯᠡᠮ   ᠢ ᠬᠠᠮᠠᠭᠠᠯᠠᠬᠤ ᠶᠢᠨ ᠲᠥᠯᠥᠭᠡ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠠᠯᠪᠠᠨ ᠠᠵᠢᠯᠳᠠᠳ ᠢ ᠥᠪᠡᠷ ᠤᠨ ᠪᠡᠶ᠎ᠡ ᠪᠠ ᠭᠡᠷ ᠪᠦᠯᠢ ᠳᠡᠭᠡᠨ ᠬᠠᠷᠢᠭᠤᠴᠠᠵᠤ᠂ ᠲᠦᠷᠦᠭᠦᠯᠡᠨ ᠢᠳᠡᠭᠡᠯ ᠨᠠᠶᠢᠳᠠᠪᠤᠷᠢ ᠶᠣᠰᠣ ᠳᠦᠷᠢᠮ ᠢ ᠪᠠᠷᠢᠮᠳᠠᠯᠠᠵᠤ᠂  ᠤᠬᠠᠮᠰᠠᠷ ᠠᠴᠠ ᠪᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠬᠦᠷᠴᠦ ᠵᠢᠬᠡᠯᠡᠯᠭᠡ ᠪᠠᠨ ᠪᠤᠴᠠᠭᠠᠭᠳᠤᠨ ᠬᠡᠵᠦ ᠰᠠᠨᠠᠭᠠᠴᠢᠯᠠᠵᠤ ᠪᠠᠶᠢᠨ᠎ᠠ᠃                                               ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ     ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠯᠪᠠᠨ ᠭᠡᠷ                                                                                     2022 ᠣᠨ ᠤ 5 ᠰᠠᠷ᠎ᠠ ᠶᠢᠨ 12 ᠤᠨ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号