ᠠᠮᠤᠷ ᠲᠦᠪᠰᠢᠨ ᠤ ᠰᠤᠷᠢᠯᠳᠠ ᠶᠢ ᠴᠢᠩᠭᠠᠳᠬᠠᠵᠤ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨᠠᠮ
ᠨᠡᠶᠢᠲᠡᠯᠡᠭᠰᠡᠨ ᠴᠠᠭ᠄
2022/5/17
 ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯᠳᠠᠳ ᠤᠨ ᠠᠮᠤᠷ ᠲᠦᠪᠰᠢᠨ ᠤ ᠠᠵᠢᠯ ᠤᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 16 ᠤ ᠡᠳᠦᠷ ᠲᠠᠶᠢᠹᠤᠰᠧ ᠬᠤᠰᠢᠭᠤᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠲᠥᠪ ᠤᠨ ᠬᠢᠨ X514 ᠱᠤᠭᠤᠮ ᠳᠤ ᠠᠮᠤᠷ ᠲᠦᠪᠰᠢᠨ ᠢᠶᠠᠷ ᠵᠠᠮ ᠠᠷᠠᠴᠢᠯᠠᠬᠤ ᠳᠠᠭᠤᠷᠢᠶᠠᠮᠠᠯ ᠰᠣᠷᠢᠯᠲᠠ ᠥᠷᠨᠢᠭᠦᠯᠪᠡ᠃  ᠡᠨᠡ ᠤᠳᠠᠭᠠᠨ ᠤ ᠰᠣᠷᠢᠯᠲᠠ ᠳᠤ ︽ᠵᠠᠰᠠᠮᠠᠯ ᠵᠠᠮ ᠤᠨ ᠠᠷᠠᠴᠢᠯᠠᠯᠲᠠ ᠶᠢᠨ ᠠᠮᠤᠷ ᠲᠦᠪᠰᠢᠨ ᠢᠶᠠᠷ ᠠᠵᠢᠯᠯᠠᠬᠤ ᠳᠦᠷᠢᠮ︾ ᠢ ᠴᠢᠩᠭ᠎ᠠ ᠬᠡᠷᠡᠭᠵᠢᠭᠦᠯᠵᠦ᠂ ᠬᠤᠣᠰ ᠴᠢᠭᠯᠡᠯᠳᠦ ᠰᠢᠯᠤᠭᠤᠨ ᠵᠠᠮ ᠪᠠ ᠮᠤᠷᠤᠢ ᠵᠠᠮ ᠤᠨ ᠲᠦᠷ ᠴᠠᠭ ᠤᠨ ᠠᠷᠠᠴᠢᠯᠠᠯᠲᠠ  ᠂ ᠣᠬᠤᠷ ᠬᠤᠭᠤᠴᠠᠭᠠᠨ ᠤ ᠠᠷᠠᠴᠢᠯᠠᠯᠲᠠ  ᠶᠢᠨ  ᠠᠵᠢᠯ ᠤᠨ ᠠᠬᠤᠢ ᠪᠠᠶᠢᠳᠠᠯ ᠢ ᠲᠠᠭᠤᠷᠢᠶᠠᠨ᠂  ᠠᠮᠤᠷ ᠲᠦᠪᠰᠢᠨ   ᠤ ᠬᠠᠮᠢᠶᠠᠷᠤᠯᠳᠠ ᠶᠢᠨ ᠠᠵᠢᠯᠳᠠᠳ ᠠᠴᠠ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠬᠤᠢ ᠲᠠᠯᠠᠪᠠᠢ   ᠶᠢ ᠪᠣᠯᠪᠠᠰᠤᠷᠠᠩᠭᠤᠢ ᠪᠥᠭᠡᠳ ᠡᠮᠬᠢ ᠵᠢᠷᠤᠮ ᠲᠠᠢ ᠡᠵᠡᠮᠳᠡᠨ ᠬᠠᠮᠢᠶᠠᠷᠴᠤ᠂ ᠠᠷᠠᠴᠢᠯᠠᠨ  ᠬᠠᠮᠠᠭᠠᠯᠠᠬᠤ ᠠᠵᠢᠯᠳᠠᠳ ᠨᠢ ᠠᠮᠤᠷ ᠲᠦᠪᠰᠢᠨ ᠤ ᠠᠵᠢᠯᠲᠠᠨ ᠤ ᠵᠢᠯᠣᠭᠤᠳᠤᠯᠭ᠎ᠠ ᠳᠣᠣᠷ᠎ᠠ ᠲᠡᠮᠳᠡᠭ ᠢᠯᠡᠷᠭᠡᠶᠢᠯᠡᠯ ᠢ ᠡᠮᠬᠢ ᠵᠢᠷᠤᠮ ᠲᠠᠢ ᠪᠠᠶᠢᠷᠢᠯᠠᠭᠤᠯᠵᠤ᠂ ᠦᠵᠡᠯ ᠰᠠᠨᠠᠭ᠎ᠠ ᠪᠠᠨ ᠨᠢᠭᠡᠳᠬᠡᠬᠦ᠂ ᠵᠢᠯᠣᠭᠤᠳᠤᠯᠭ᠎ᠠ ᠶᠢ ᠳᠠᠭᠠᠬᠤ᠂ ᠵᠣᠬᠢᠴᠠᠭᠤᠯᠤᠨ ᠬᠠᠮᠵᠢᠯᠴᠠᠬᠤ ᠱᠠᠭᠠᠷᠳᠠᠯᠭ᠎ᠠ ᠳᠤ ᠬᠦᠷᠦᠭᠰᠡᠨ ᠪᠠᠶᠢᠨ᠎ᠠ᠃    ᠲᠠᠶᠢᠹᠤᠰᠧ ᠬᠤᠰᠢᠭᠤᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠲᠥᠪ ᠤᠨ ᠡᠷᠬᠢᠯᠡᠭᠴᠢ ᠮᠠ ᠶᠦᠩ᠄  ︽ ᠡᠨᠡ ᠤᠳᠠᠭᠠᠨ ᠤ ᠰᠣᠷᠢᠯᠲᠠ ᠶᠢᠨ ᠵᠣᠷᠢᠯᠭ᠎ᠠ ᠪᠣᠯ  ᠠᠵᠢᠯᠳᠠᠳ ᠲᠠᠭᠠᠨ ᠠᠷᠠᠴᠢᠯᠠᠨ ᠬᠠᠮᠠᠭᠠᠯᠠᠬᠤ ᠠᠵᠢᠯ ᠤᠨ   ᠪᠠᠶᠢᠷᠢᠯᠠᠭᠤᠯᠤᠯᠲᠠ᠂  ᠶᠠᠪᠤᠴᠠ᠂ ᠠᠷᠭ᠎ᠠ ᠶᠢ ᠪᠣᠯᠪᠠᠰᠤᠷᠠᠩᠭᠤᠢ ᠡᠵᠡᠮᠰᠢᠬᠦᠯᠬᠦ ᠶᠢᠨ ᠲᠥᠯᠥᠭᠡ ᠶᠤᠮ᠃  ᠰᠣᠷᠢᠯᠲᠠ ᠪᠠᠷ ᠲᠠᠮᠵᠢᠭᠠᠳ ᠮᠠᠨ  ᠠᠵᠢᠯᠳᠠᠳ ᠤᠨ  ᠠᠮᠢ ᠨᠠᠰᠤᠨ ᠤ  ᠠᠮᠤᠷ ᠲᠦᠪᠰᠢᠨ ᠪᠠ ᠮᠠᠰᠢᠨ ᠲᠥᠬᠦᠭᠡᠷᠦᠮᠵᠢ ᠶᠢᠨ ᠬᠡᠪ ᠤᠨ ᠠᠵᠢᠯᠯᠠᠭ᠎ᠠ ᠶᠢ ᠪᠠᠲᠤᠯᠠᠵᠤ ᠴᠢᠳᠠᠨ᠎ᠠ᠃ ᠲᠠᠷᠠᠭᠠᠴᠢ ᠶᠢᠨ ᠠᠯᠬᠤᠮ ᠳᠤ᠂  ᠮᠠᠨ ᠤ ᠲᠥᠪ ᠤᠨ ᠬᠢᠨ ᠪᠣᠳᠠᠲᠠᠢ ᠠᠷᠠᠴᠢᠯᠠᠨ ᠬᠠᠮᠠᠭᠠᠯᠠᠬᠤ ᠠᠵᠢᠯ ᠤᠨ ᠪᠥᠬᠦ ᠶᠠᠪᠤᠴᠠ ᠳᠤ ᠠᠶᠤᠯᠭᠦᠢ ᠦᠢᠯᠡᠳᠪᠦᠷᠢᠯᠡᠯ ᠤᠨ ᠪᠣᠭᠤᠮᠲᠠ ᠶᠢ ᠴᠢᠩᠭ᠎ᠠ ᠡᠵᠡᠮᠳᠡᠵᠦ᠂    ᠲᠦᠷᠢᠮᠵᠢᠯ ᠱᠠᠭᠠᠷᠳᠠᠯᠭ᠎ᠠ ᠪᠠᠷ ᠦᠨᠳᠦᠰᠦᠯᠡᠯ ᠪᠤᠯᠭᠠᠨ᠂ ᠵᠢᠯᠣᠭᠤᠳᠤᠯᠭ᠎ᠠ ᠪᠠ ᠬᠢᠨᠠᠯᠲᠠ ᠪᠠᠨ ᠴᠢᠩᠭᠠᠳᠬᠠᠵᠤ᠂ ᠠᠷᠠᠴᠢᠯᠠᠨ ᠬᠠᠮᠠᠭᠠᠯᠠᠬᠤ ᠠᠮᠤᠷ ᠲᠦᠪᠰᠢᠨ ᠤ ᠣᠶᠢᠯᠠᠭᠠᠭᠳᠠᠬᠤᠨ ᠢ ᠪᠠᠲᠤ ᠪᠠᠬᠢ ᠪᠣᠶ ᠪᠤᠯᠭᠠᠨ᠂ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ  ᠬᠦᠭᠵᠢᠯᠳᠡ ᠶᠢ ᠴᠢᠨᠠᠭᠰᠢᠳᠠ ᠠᠬᠢᠭᠤᠯᠤᠨ᠎ᠠ︾᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号