ᠮᠠᠯᠵᠢᠬᠤ ᠤᠷᠤᠨ ᠳᠤ ᠶᠠᠪᠤᠭᠳᠠᠭᠰᠠᠨ  ᠮᠡᠬᠡᠯᠡᠯ ᠢ ᠡᠰᠡᠷᠭᠦᠴᠡᠬᠦ ᠤᠬᠠᠭᠤᠯᠭ᠎ᠠ
ᠨᠡᠶᠢᠲᠡᠯᠡᠭᠰᠡᠨ ᠴᠠᠭ᠄
2022/5/20
 ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ︽ᠬᠠᠮ ᠨᠢᠳᠤᠷᠭ᠎ᠠ︾ ᠶᠢ ᠰᠠᠶᠢᠲᠤᠷ ᠰᠢᠭᠠᠵᠤ᠂ ︽ᠤᠯᠤᠰ ᠤᠨ ᠮᠡᠬᠡᠯᠡᠯ ᠢ ᠡᠰᠡᠷᠭᠦᠴᠡᠬᠦ ᠲᠥᠪ︾ ᠤᠨ APP ᠶᠢ ᠤᠬᠠᠭᠤᠯᠤᠨ ᠲᠦᠭᠡᠮᠡᠯᠵᠢᠭᠦᠯᠬᠦ ᠡᠷᠴᠢᠮ ᠢ  ᠴᠢᠩᠭᠠᠷᠠᠭᠤᠯᠤᠨ᠂  ᠥᠷᠭᠡᠨ ᠣᠯᠠᠨ ᠮᠠᠯᠴᠢᠨ ᠲᠦᠮᠡᠨ ᠤ ᠮᠡᠬᠡᠯᠡᠯ ᠠᠴᠠ ᠰᠡᠷᠭᠡᠶᠢᠯᠡᠬᠦ ᠤᠬᠠᠮᠰᠠᠷ ᠴᠢᠳᠠᠪᠤᠷᠢ ᠶᠢ ᠲᠡᠭᠡᠭᠰᠢᠯᠡᠬᠦᠯᠵᠦ᠂ ᠮᠠᠯᠴᠢᠨ ᠲᠦᠮᠡᠨ ᠤ ᠠᠰᠢᠭ ᠲᠤᠰᠠ ᠶᠢ ᠦᠨᠡᠨᠬᠦ ᠬᠠᠮᠠᠭᠠᠯᠠᠨ᠂ ᠮᠡᠬᠡᠯᠡᠯ ᠢ ᠡᠰᠡᠷᠭᠦᠴᠡᠬᠦ ᠠᠵᠢᠯᠯᠠᠭ᠎ᠠ   ᠳᠤ ︽ᠬᠥᠮᠥᠨ ᠪᠦᠬᠦᠨ ᠣᠷᠤᠯᠴᠠᠬᠤ᠂ ᠬᠥᠮᠥᠨ ᠪᠦᠬᠦᠨ ᠤᠬᠠᠭᠤᠯᠬᠤ︾  ᠨᠡᠶᠢᠭᠡᠮ ᠤᠨ ᠠᠭᠤᠷ ᠠᠮᠢᠰᠬᠤᠯ ᠢ ᠪᠣᠶ ᠪᠤᠯᠭᠠᠬᠤ ᠶᠢᠨ ᠲᠦᠯᠦᠭᠡ᠂ 5 ᠰᠠᠷ᠎ᠠ ᠶᠢᠨ 18 ᠤ ᠡᠳᠦᠷ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ  ᠲᠤᠪᠴᠢᠶᠠᠨ ᠤ ᠴᠠᠭᠳᠠᠭ᠎ᠠ ᠨᠠᠷ  ᠬᠦᠨᠪᠤᠯᠠᠭ ᠰᠤᠮᠤᠨ ᠤ ᠰᠢᠨᠠᠪᠤᠯᠠᠭ ᠭᠠᠴᠠᠭ᠎ᠠ ᠳᠤ ᠬᠦᠨᠵᠡᠬᠡᠶᠢᠷᠡᠵᠦ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ ᠬᠢᠵᠡᠢ᠃ ᠠᠷᠠᠳ ᠤᠨ ᠴᠠᠭᠳᠠᠭ᠎ᠠ ᠨᠠᠷ ᠳᠡᠷᠭᠡᠳᠡ ᠭᠠᠷᠤᠭᠰᠠᠨ ᠮᠡᠬᠡᠯᠡᠯ ᠤᠨ ᠬᠡᠷᠡᠭ ᠢᠶᠠᠷ ᠵᠢᠱᠢᠶ᠎ᠡ ᠲᠠᠳᠠᠵᠤ᠂  ᠬᠤᠯᠪᠤᠭ᠎ᠠ ᠰᠦᠯᠵᠢᠶᠡᠨ ᠤ ᠮᠡᠬᠡᠯᠡᠯ ᠤᠨ ᠪᠠᠶᠢᠩᠭᠤ ᠲᠣᠬᠢᠶᠠᠯᠳᠤᠬᠤ ᠭᠡᠷᠡᠭ ᠵᠢᠴᠢ ᠶᠠᠯᠠᠲᠤ ᠡᠲᠡᠭᠡᠳ ᠤᠨ ᠦᠷᠭᠦᠯᠵᠢ ᠬᠡᠷᠡᠭᠯᠡᠳᠡᠭ ᠠᠷᠭ᠎ᠠ ᠮᠡᠭᠡ ᠶᠢ ᠮᠠᠯᠴᠢᠳ ᠲᠤ ᠲᠠᠶᠢᠯᠪᠤᠷᠢᠯᠠᠨ᠂  ᠲᠠᠨᠢᠯ ᠪᠤᠰᠤ ᠬᠥᠮᠥᠨ ᠳᠤ ᠬᠤᠪᠢ ᠬᠥᠮᠥᠨ ᠤ ᠮᠡᠳᠡᠭᠡ ᠵᠠᠩᠭᠢ᠂ ᠪᠠᠩᠬᠢ ᠶᠢᠨ ᠺᠠᠷᠲ ᠤᠨ ᠨᠢᠭᠤᠴᠠ ᠨᠣᠮᠧᠷ ᠵᠡᠷᠭᠡ ᠴᠢᠬᠤᠯᠠ ᠠᠭᠤᠯᠭ᠎ᠠ ᠪᠠᠨ ᠵᠠᠳᠠᠷᠠᠭᠤᠯᠵᠤ ᠪᠣᠯᠬᠤ ᠦᠭᠡᠢ᠂ ᠲᠠᠨᠢᠯ ᠪᠤᠰᠤ ᠬᠥᠮᠥᠨ ᠤ ᠢᠷᠡᠭᠦᠯᠦᠭᠰᠡᠨ ᠤᠲᠠᠰᠤ ᠵᠠᠬᠢᠶ᠎ᠠ   ᠶᠢ ᠲᠤᠰᠬᠤ ᠦᠬᠡᠢ᠂ ᠢᠯᠡᠭᠡᠭᠰᠡᠨ ᠬᠡᠯᠬᠢᠶᠡᠰᠦ ᠶᠢ ᠨᠢ ᠨᠡᠭᠡᠭᠡᠵᠦ ᠦᠵᠡᠬᠦ ᠦᠭᠡᠢ᠂ ᠲᠠᠩᠰᠠ ᠰᠢᠯᠵᠢᠭᠦᠯᠵᠦ ᠵᠣᠭᠤᠰ ᠭᠤᠪᠢᠭᠤᠯᠬᠤ ᠳᠠᠭᠠᠨ ᠨᠠᠷᠢᠨ ᠨᠢᠮᠪᠠᠢ ᠬᠠᠷᠭᠤᠭᠤᠯᠬᠤ  ᠭᠡᠷᠡᠭᠳᠡᠢ ᠬᠡᠵᠦ ᠣᠯᠠᠨ ᠲᠦᠮᠡᠨ ᠳᠤ ᠰᠠᠨᠠᠭᠤᠯᠤᠭᠰᠠᠨ ᠤ ᠬᠠᠮᠳᠤ᠂  ᠮᠡᠬᠡᠯᠡᠯ ᠢ ᠡᠰᠡᠷᠭᠦᠴᠡᠬᠦ APP   ᠢ ᠭᠠᠷ ᠤᠳᠠᠰᠤᠨ ᠳᠤᠨᠢ ᠪᠠᠭᠤᠯᠭᠠᠨ ᠤᠭᠰᠠᠷᠠᠵᠤ᠂  ᠭᠡᠷᠡᠭᠯᠡᠬᠦ ᠠᠷᠭ᠎ᠠ ᠶᠢ ᠬᠦᠯᠢᠴᠡᠩᠭᠦᠢ ᠪᠠᠷ ᠵᠢᠭᠠᠵᠤ ᠲᠠᠶᠢᠯᠪᠤᠷᠢᠯᠠᠭᠰᠠᠨ ᠪᠠᠶᠢᠨ᠎ᠠ᠃ ᠡᠨᠡ ᠤᠳᠠᠭᠠᠨ ᠤ ᠠᠵᠢᠯᠯᠠᠭ᠎ᠠ ᠨᠢ ᠮᠠᠯᠴᠢᠨ ᠲᠦᠮᠡᠨ ᠤ  ᠮᠡᠬᠡᠯᠡᠯ ᠠᠴᠠ ᠰᠡᠷᠭᠡᠶᠢᠯᠡᠬᠦ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠦᠨᠡᠨᠬᠦ ᠴᠢᠩᠭᠠᠷᠠᠭᠤᠯᠵᠤ᠂  ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠪᠠ ᠣᠷᠤᠯᠴᠠᠬᠤ ᠴᠢᠨᠠᠷ ᠢ ᠪᠦᠲᠦᠮᠵᠢᠲᠡᠶ ᠲᠡᠭᠡᠭᠰᠢᠯᠡᠬᠦᠯᠦᠨ᠂  ᠮᠡᠬᠡᠯᠡᠯ ᠢ ᠡᠰᠡᠷᠬᠦᠴᠡᠬᠦ APP  ᠶᠢᠨ ᠬᠡᠷᠡᠭᠯᠡᠯᠲᠡ ᠶᠢᠨ ᠨᠣᠷᠮ᠎ᠠ ᠶᠢ ᠵᠤᠬᠢᠬᠤ ᠬᠡᠮᠵᠢᠶ᠎ᠡ ᠪᠠᠷ ᠨᠡᠮᠡᠭᠳᠡᠬᠦᠯᠵᠡᠢ᠃ ᠲᠠᠷᠠᠭᠠᠴᠢ ᠶᠢᠨ ᠠᠯᠬᠤᠮ ᠳᠤ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂   ᠪᠦᠬᠦ ᠬᠤᠰᠢᠭᠤᠨ ᠤ ᠣᠯᠠᠨ ᠲᠦᠮᠡᠨ ᠤ  ᠰᠡᠷᠭᠡᠶᠢᠯᠡᠯᠳᠡ ᠶᠢᠨ ᠤᠬᠠᠮᠰᠠᠷ ᠢ ᠲᠠᠰᠤᠷᠠᠯᠲᠠ ᠦᠭᠡᠢ ᠨᠡᠮᠡᠭᠳᠡᠬᠦᠯᠦᠨ᠂ ᠪᠥᠬᠦ ᠠᠷᠠᠳ ᠢᠶᠠᠷ ᠢᠶᠠᠨ ᠮᠡᠬᠡᠯᠡᠬᠦ ᠶᠢ ᠡᠰᠡᠷᠭᠦᠴᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠣᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨ᠂ ᠣᠯᠠᠨ ᠲᠦᠮᠡᠨ ᠳᠤ ᠪᠣᠳᠠᠲᠠᠢ ᠶᠠᠪᠤᠳᠠᠯ᠂ ᠰᠠᠶᠢᠨ ᠶᠠᠪᠤᠳᠠᠯ ᠬᠢᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号