ᠨᠠᠰᠤᠳᠠᠨ ᠪᠤᠭᠤᠷᠤᠯᠴᠤᠳ ᠲᠤ ᠵᠤᠷᠢᠭᠤᠯᠤᠭᠰᠠᠨ ᠮᠡᠬᠡᠯᠡᠯ ᠢ ᠡᠰᠡᠷᠬᠦᠴᠡᠬᠦ ᠤᠬᠠᠭᠤᠯᠭ᠎ᠠ
ᠨᠡᠶᠢᠲᠡᠯᠡᠭᠰᠡᠨ ᠴᠠᠭ᠄
2022/5/23
  ᠥᠷᠭᠡᠨ ᠤᠯᠠᠨ ᠨᠠᠰᠤᠲᠠᠶᠢᠴᠤᠳ ᠤᠨ ᠮᠡᠬᠡᠯᠡᠯ ᠠᠴᠠ ᠰᠡᠷᠭᠡᠶᠢᠯᠡᠬᠦ ᠤᠬᠠᠮᠰᠠᠷ ᠲᠠᠨᠢᠯᠳᠠ ᠪᠠ ᠬᠢᠷᠢ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠵᠦᠢᠯ ᠤᠨ ᠮᠡᠬᠡᠯᠡᠯ ᠤᠨ ᠬᠡᠷᠡᠭ ᠢ ᠪᠦᠲᠦᠮᠵᠢᠲᠡᠢ ᠬᠤᠷᠢᠭᠯᠠᠨ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠪᠣᠯᠣᠨ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ ᠶᠢᠨ ᠲᠥᠯᠥᠭᠡ᠂ 5 ᠰᠠᠷ᠎ᠠ ᠶᠢᠨ 20  ᠤ ᠡᠳᠦᠷ ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠨᠢ ᠨᠠᠰᠤᠵᠢᠯ ᠤᠨ ᠠᠰᠠᠷᠠᠮᠵᠢ ᠶᠢᠨ ᠬᠠᠮᠢᠶᠠᠳᠠᠢ ᠮᠡᠬᠡᠯᠡᠯ ᠤᠨ ᠠᠵᠢᠯᠯᠠᠭ᠎ᠠ ᠳᠤ ᠴᠣᠬᠢᠯᠲᠠ ᠦᠭᠬᠦ ᠲᠤᠰᠬᠠᠢ ᠤᠬᠠᠭᠤᠯᠭ᠎ᠠ ᠥᠷᠨᠢᠭᠦᠯᠵᠦ᠂ ᠨᠠᠰᠤᠲᠠᠶᠢᠴᠤᠳ ᠤᠨ ︽ᠵᠣᠭᠤᠰᠤᠨ ᠴᠦᠩᠬᠦ︾  ᠶᠢ ᠬᠠᠮᠠᠭᠠᠯᠠᠬᠤ ᠪᠠᠷ ᠴᠢᠷᠮᠠᠶᠢᠪᠠ᠃ ᠠᠵᠢᠯᠲᠠᠳ ᠬᠥᠨᠳᠡᠯᠡᠨ ᠪᠢᠴᠢᠭᠡᠰᠦ ᠡᠯᠬᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂  ᠡᠯᠧᠺᠲᠷᠣᠨ ᠳᠡᠯᠭᠡᠴᠡ ᠨᠡᠭᠡᠭᠡᠬᠦ  ᠂ ᠠᠰᠠᠭᠤᠵᠤ ᠯᠠᠪᠯᠠᠭᠰᠠᠨ ᠢ ᠬᠠᠷᠢᠭᠤᠯᠬᠤ᠂  ᠵᠠᠭᠠᠯᠳᠤᠯᠭ᠎ᠠ ᠶᠢᠨ ᠤᠲᠠᠰᠤ ᠶᠢ ᠨᠡᠶᠢᠲᠡᠯᠡᠬᠦ ᠵᠡᠷᠭᠡ ᠤᠯᠠᠨ ᠵᠦᠢᠯ ᠤᠨ ᠬᠡᠯᠪᠡᠷᠢ ᠪᠠᠷ ᠣᠳᠣᠬᠠᠨ ᠤ ᠤᠯᠠᠨ ᠲᠤᠬᠢᠶᠠᠯᠳᠤᠵᠤ ᠪᠠᠶᠢᠭ᠎ᠠ ᠡᠯ᠎ᠡ ᠵᠦᠢᠯ ᠤᠨ ᠮᠡᠬᠡᠯᠡᠯ ᠤᠨ ᠠᠷᠭ᠎ᠠ ᠪᠠᠰᠢᠷ ᠢ ᠲᠠᠨᠢᠭᠤᠯᠬᠤ ᠶᠢᠨ ᠬᠠᠮᠳᠤ᠂ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ  ᠂  ᠮᠡᠭᠡᠯᠡᠯ  ᠠᠴᠠ ᠰᠡᠷᠭᠡᠶᠢᠯᠡᠬᠦ  ᠴᠢᠳᠠᠪᠤᠷᠢ ᠪᠠᠨ ᠴᠢᠩᠭᠠᠷᠠᠭᠤᠯᠤᠨ᠂ ᠥᠪᠡᠷ ᠤᠨ ᠵᠣᠭᠤᠰᠤᠨ ᠴᠦᠩᠬᠦ ᠪᠠᠨ ᠰᠠᠶᠢᠲᠤᠷ ᠰᠠᠬᠢᠨ ᠬᠠᠮᠠᠭᠠᠯᠠᠬᠤ ᠶᠢ  ᠥᠷᠭᠡᠨ ᠤᠯᠠᠨ ᠨᠠᠰᠤᠲᠠᠶᠢᠴᠤᠳ ᠲᠤ ᠰᠠᠨᠠᠭᠤᠯᠤᠭᠰᠠᠨ ᠪᠠᠶᠢᠨ᠎ᠠ᠃  ᠠᠵᠢᠯᠲᠠᠳ ᠶᠠᠪᠤᠵᠤ ᠴᠤᠪᠤᠬᠤ ᠣᠯᠠᠨ ᠲᠦᠮᠡᠨ ᠳᠤ ᠨᠠᠰᠤᠵᠢᠯ ᠤᠨ ᠠᠰᠠᠷᠠᠮᠵᠢ ᠶᠢᠨ ᠬᠠᠮᠢᠶᠠᠳᠠᠢ ᠮᠡᠬᠡᠯᠡᠯ ᠤᠨ ᠬᠤᠳᠠᠯ ᠬᠠᠭᠤᠷᠮᠠᠭ  ᠵᠠᠷ ᠰᠤᠷᠳᠠᠯᠴᠢᠯᠠᠭ᠎ᠠ᠂ ᠦᠨ᠎ᠡ ᠬᠠᠩᠰᠢ ᠶᠢᠨ ᠮᠡᠬᠡᠯᠡᠯ᠂ ᠰᠦᠯᠵᠢᠶ᠎ᠡ ᠪᠠᠷ ᠪᠠᠷᠠᠭ᠎ᠠ ᠬᠤᠳᠠᠯᠳᠤᠬᠤ ᠮᠡᠬᠡᠯᠡᠯ ᠵᠡᠷᠭᠡ ᠶᠢ ᠨᠠᠷᠢᠨ ᠤᠬᠠᠭᠤᠯᠵᠤ᠂  ᠮᠡᠬᠡᠯᠡᠯ ᠢ ᠡᠰᠡᠷᠬᠦᠴᠡᠬᠦ ᠬᠤᠯᠪᠣᠭᠳᠠᠯ ᠪᠦᠬᠦᠢ ᠬᠠᠤᠯᠢ ᠲᠦᠷᠢᠮ ᠪᠠ ᠮᠡᠳᠡᠯᠭᠡ ᠶᠢ ᠲᠦᠭᠡᠮᠡᠯᠵᠢᠭᠦᠯᠵᠦ ᠂ ᠮᠡᠬᠡᠯᠡᠯ ᠤᠨ ᠠᠷᠭ᠎ᠠ ᠪᠠᠰᠢᠷ ᠢ ᠢᠯᠡᠴᠢᠯᠡᠭᠰᠡᠨ ᠪᠦᠬᠡᠳ ᠡᠷᠬᠡᠪᠰᠢ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠪᠠᠭ᠎ᠠ ᠠᠰᠢᠭ ᠲᠤ ᠰᠢᠨᠤᠬᠤ ᠦᠭᠡᠢ᠂ ᠪᠤᠰᠤᠳ   ᠢ ᠠᠮᠠᠷᠬᠠᠨ ᠢᠲᠡᠭᠡᠬᠦ ᠦᠭᠡᠢ ᠪᠠᠶᠢᠬᠤ ᠬᠡᠷᠡᠭᠲᠡᠢ ᠭᠡᠵᠦ ᠰᠠᠨᠠᠭᠤᠯᠪᠠ ᠃  ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 32 ᠠᠵᠢᠯᠳᠠᠨ ︵ᠤᠳᠠᠭ᠎ᠠ︶  ᠬᠦᠳᠡᠯᠦᠯᠴᠡᠵᠦ ᠂ 500 ᠭᠠᠷᠤᠢ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠨ᠂ 70 ᠭᠠᠷᠤᠢ ᠬᠦᠮᠦᠨ ︵ᠤᠳᠠᠭ᠎ᠠ  ︶ ᠤ  ᠠᠰᠠᠭᠤᠵᠤ ᠯᠠᠪᠯᠠᠭᠰᠠᠨ ᠵᠦᠢᠯ ᠳᠤ ᠨᠠᠷᠢᠨ ᠲᠤᠳᠤᠷᠬᠠᠢ ᠬᠠᠷᠢᠭᠤᠯᠳᠠ ᠦᠭᠴᠡᠢ  ᠃ ᠳᠠᠷᠠᠭᠠᠴᠢ ᠶᠢᠨ ᠠᠯᠬᠤᠮ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠮᠡᠬᠡᠯᠡᠯ ᠢ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠤᠨ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠳᠤᠮᠳᠠ ᠪᠠᠨ ᠨᠠᠰᠤᠲᠠᠶᠢᠴᠤᠳ ᠲᠤ ᠬᠤᠯᠪᠣᠭᠳᠠᠬᠤ ᠡᠵᠡᠩᠨᠡᠯᠲᠡ ᠶᠢᠨ ᠨᠢᠭᠡᠴᠡ ᠳᠤ ᠦᠨᠡᠨᠴᠢ ᠢᠲᠡᠭᠡᠮᠵᠢᠲᠡᠢ ᠪᠠᠷ ᠡᠵᠡᠩᠨᠡᠬᠦ᠂ ᠬᠠᠤᠯᠢ ᠶᠣᠰᠣᠭᠠᠷ ᠡᠵᠡᠩᠨᠡᠬᠦ ᠶᠢ ᠰᠠᠨᠠᠭᠤᠯᠵᠤ᠂ ᠡᠵᠡᠩᠨᠡᠭᠴᠢᠳ ᠤᠨ ᠬᠠᠤᠯᠢ ᠶᠢ ᠮᠡᠳᠡᠵᠦ ᠬᠠᠤᠯᠢ ᠶᠢ ᠰᠠᠬᠢᠬᠤ ᠦᠵᠡᠯ ᠤᠬᠠᠮᠰᠠᠷ ᠢ ᠤᠯᠠᠮ ᠴᠢᠩᠭᠠᠷᠠᠭᠤᠯᠤᠨ᠂  ᠬᠠᠤᠯᠢ  ᠪᠤᠰᠤ ᠦᠶᠯᠡ ᠠᠵᠢᠯᠯᠠᠭ᠎ᠠ  ᠳᠤ ᠴᠢᠩᠭ᠎ᠠ ᠴᠤᠬᠢᠯᠳᠠ ᠦᠭᠴᠦ᠂ ᠥᠷᠭᠡᠨ ᠣᠯᠠᠨ ᠰᠠᠭᠤᠭᠠᠯᠢ ᠠᠷᠠᠳ ᠤᠨ ᠠᠮᠤᠷ ᠲᠦᠪᠰᠢᠨ ᠪᠠ ᠨᠡᠶᠢᠭᠡᠮ ᠤᠨ ᠡᠶ᠎ᠡ ᠵᠣᠬᠢᠴᠠᠯ  ᠠᠮᠤᠷ ᠲᠣᠭᠲᠠᠭᠤᠨ ᠢ  ᠬᠠᠮᠠᠭᠠᠯᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号