ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠦᠢᠯᠡᠴᠢᠯᠡᠭᠡ ᠶᠢ ᠴᠢᠩᠭᠠᠳᠬᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨᠡᠮ
ᠨᠡᠶᠢᠲᠡᠯᠡᠭᠰᠡᠨ ᠴᠠᠭ᠄
2022/5/24
  ᠮᠡᠷᠭᠡᠵᠢᠯ ᠤᠨ ᠦᠢᠯᠡᠴᠢᠯᠡᠭᠡ ᠶᠢ ᠴᠢᠩᠭᠠᠳᠬᠠᠵᠤ᠂  ᠮᠡᠷᠭᠡᠵᠢᠯ ᠢᠶᠠᠷ ᠲᠠᠷᠢᠶᠠᠯᠠᠩ ᠢ ᠬᠥᠭᠵᠢᠭᠦᠯᠬᠦ ᠶᠢ ᠠᠬᠢᠭᠤᠯᠤᠨ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤᠮᠳᠠᠬᠢ ᠰᠠᠶᠢᠨ ᠳᠤᠷ᠎ᠠ ᠶᠢᠨ ᠦᠢᠯᠡᠴᠢᠯᠡᠭᠡᠨ ᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠣᠶᠢᠷ᠎ᠠ ᠳᠤ ᠲᠠᠶᠢᠹᠤᠰᠧ ᠬᠤᠰᠢᠭᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠨᠢ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ  ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠥᠪ ᠲᠠᠢ ᠬᠠᠮᠲᠤᠷᠠᠨ᠂ ᠬᠤᠩ ᠴᠢ  ᠪᠠᠯᠭᠠᠰᠤᠨ ᠤ ᠾᠧ ᠫᠢᠩ ᠲᠣᠰᠬᠤᠨ ᠳᠤ ᠬᠦᠨᠵᠡᠬᠡᠶᠢᠷᠡᠵᠦ᠂ ︽ᠮᠡᠷᠭᠡᠵᠢᠯ ᠢ ᠬᠥᠳᠡᠭᠡ ᠬᠦᠷᠭᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃  ᠡᠨᠡ ᠤᠳᠠᠭᠠᠨ ᠤ ᠠᠵᠢᠯᠯᠠᠭ᠎ᠠ ᠳᠤ ᠣᠨᠣᠯ   ᠤᠨ ᠮᠡᠳᠡᠯᠭᠡ ᠵᠢᠭᠠᠬᠤ᠂ ᠰᠤᠷᠤᠯᠴᠠᠬᠤ  ᠮᠠᠲ᠋ᠧᠷᠢᠶᠠᠯ ᠲᠠᠷᠬᠠᠭᠠᠬᠤ᠂  ᠠᠬᠤᠢ ᠲᠠᠯᠠᠪᠠᠢ ᠳᠤ  ᠠᠰᠠᠭᠤᠳᠠᠯ ᠶᠢ ᠬᠠᠷᠢᠭᠤᠯᠬᠤ ᠵᠡᠷᠭᠡ ᠠᠷᠭ᠎ᠠ ᠬᠡᠯᠪᠡᠷᠢ ᠪᠠᠷ ᠲᠠᠮᠵᠢᠨ᠂  ᠠᠷᠠᠳ ᠤᠯᠠᠨ ᠤ ᠨᠡᠶᠢᠳᠡᠮ ᠠᠩᠬᠠᠷᠴᠤ ᠪᠠᠶᠢᠭ᠎ᠠ ᠮᠠᠯ ᠤᠨ ᠡᠭᠦᠯᠳᠡᠷ ᠰᠤᠩᠭᠤᠬᠤ᠂ ᠪᠣᠷᠳᠣᠵᠤ ᠲᠠᠷᠭᠤᠯᠠᠭᠤᠯᠬᠤ᠂  ᠠᠷᠠᠴᠢᠯᠠᠵᠤ ᠬᠠᠮᠢᠶᠠᠷᠬᠤ  ᠂ ᠡᠪᠡᠳᠴᠢᠨ ᠬᠡᠮ ᠢ ᠤᠨᠤᠰᠢᠯᠠᠨ ᠵᠠᠰᠠᠬᠤ ᠵᠡᠷᠭᠡ ᠠᠰᠠᠭᠤᠳᠠᠯ ᠤᠨ ᠲᠤᠬᠠᠢ ᠨᠠᠷᠢᠨ ᠲᠤᠳᠤᠷᠬᠠᠢ ᠵᠢᠭᠠᠵᠤ ᠲᠠᠶᠢᠯᠪᠤᠷᠢᠯᠭᠰᠠᠨ ᠪᠠᠶᠢᠨ᠎ᠠ᠃     ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠳᠡᠳ᠋ ᠵᠠᠬᠢᠷᠤᠯ ᠵᠠᠩ ᠴᠧᠩ᠄  ︽ᠲᠠᠪᠤᠨ ᠰᠠᠷ᠎ᠠ ᠪᠣᠯ ᠮᠠᠨ ᠤ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠪᠣᠯᠣᠨ᠎ᠠ᠂  ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠦᠢᠯᠡᠴᠢᠯᠡᠭᠡᠨ ᠤ ᠳᠦᠷᠢ ᠲᠥᠷᠬᠦ ᠪᠠᠨ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠮᠠᠯᠵᠢᠬᠤ ᠲᠠᠷᠢᠶᠠᠯᠠᠬᠤ ᠣᠷᠣᠨ ᠳᠤ ᠭᠦᠨᠵᠡᠭᠡᠶᠢᠷᠡᠵᠦ᠂ ᠥᠷᠭᠡᠨ ᠣᠯᠠᠨ ᠮᠠᠯᠴᠢᠨ ᠲᠠᠷᠢᠶᠠᠴᠢᠨ ᠳᠤ ᠨᠠᠩ ᠰᠠᠶᠢᠨ᠂ ᠨᠠᠩ ᠰᠢᠯᠢᠳᠡᠭ ᠦᠢᠯᠡᠴᠢᠯᠡᠭᠡ ᠬᠠᠩᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠤᠯ ᠪᠢᠳᠡᠨ ᠤ ᠵᠤᠷᠢᠯᠳᠠ ᠶᠤᠮ᠃  ᠡᠨᠡ  ᠤᠳᠠᠭᠠᠨ ᠤ ᠠᠵᠢᠯᠯᠠᠭ᠎ᠠ ᠨᠢ ᠠᠭᠤᠯᠭ᠎ᠠ ᠪᠠᠷ ᠪᠠᠶᠠᠯᠢᠭ᠂ ᠦᠷ᠎ᠡ ᠪᠦᠲᠦᠮᠵᠢ ᠪᠠᠷ ᠲᠣᠪᠣᠶᠢᠮ᠎ᠠ ᠪᠠᠶᠢᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ  ᠂ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠮᠠᠯᠵᠢᠬᠤ ᠮᠡᠳᠡᠯᠭᠡ ᠶᠢ   ᠨᠡᠮᠡᠭᠳᠡᠬᠦᠯᠵᠦ᠂ ᠤᠯᠠᠨ ᠲᠦᠮᠡᠨ ᠤ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠤᠷᠮ᠎ᠠ ᠵᠤᠷᠢᠭ ᠪᠣᠯᠣᠨ ᠰᠢᠨᠵᠢᠯᠡᠬᠦ ᠤᠬᠠᠭᠠᠨᠴᠢ ᠪᠠᠷ  ᠪᠠᠶᠠᠵᠢᠨ ᠴᠢᠨᠡᠭᠡᠯᠢᠭᠵᠢᠬᠦ ᠬᠢᠷᠢ ᠴᠢᠳᠠᠪᠤᠷᠢ ᠶᠢ ᠪᠦᠲᠦᠮᠵᠢᠲᠡᠢ ᠲᠡᠭᠡᠭᠰᠢᠯᠡᠬᠦᠯᠵᠡᠢ︾᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号