ᠲᠠᠶᠢᠹᠤᠰᠧ ᠬᠤᠰᠢᠭᠤ ︽2022 ᠣᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠪᠠᠨ ᠡᠬᠢᠯᠡᠭᠦᠯᠪᠡ
ᠨᠡᠶᠢᠲᠡᠯᠡᠭᠰᠡᠨ ᠴᠠᠭ᠄
2022/5/25
   ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠦᠨᠳᠦᠰᠦᠲᠡᠨ ᠤ ᠣᠨᠣᠯ᠂ ᠲᠥᠷᠥ ᠶᠢᠨ ᠪᠣᠳᠣᠯᠭ᠎ᠠ᠂ ᠬᠠᠤᠯᠢ ᠲᠦᠷᠢᠮ ᠤᠨ ᠤᠬᠠᠭᠤᠯᠭ᠎ᠠ ᠬᠥᠮᠦᠵᠢᠯ ᠢ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 19 ᠤ ᠡᠳᠦᠷ ᠲᠠᠶᠢᠹᠤᠰᠧ ᠬᠤᠰᠢᠭᠤ ︽ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠭᠦᠨᠵᠡᠭᠡᠢ ᠤᠬᠠᠭᠤᠯᠤᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠪᠠᠷ ᠭᠤᠣᠯ ᠰᠡᠳᠦᠪ ᠪᠣᠯᠭᠠᠭᠰᠠᠨ ︽2022 ᠣᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠪᠠᠨ ᠵᠢᠩᠬᠢᠨᠢ ᠪᠠᠷ ᠡᠬᠢᠯᠡᠭᠦᠯᠪᠡ᠃ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠸᠠᠩ ᠸᠧᠢ ᠬᠤᠩ ᠡᠬᠢᠯᠡᠯᠲᠡ ᠶᠢᠨ ᠶᠣᠰᠣᠯᠠᠯ ᠳᠤ ᠤᠷᠤᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠡᠴᠡᠨᠴᠣᠭᠲᠤ ᠡᠬᠢᠯᠡᠯᠲᠡ ᠶᠢᠨ ᠶᠣᠰᠣᠯᠠᠯ ᠢ ᠡᠷᠭᠢᠯᠠᠪᠠ᠃            ᠸᠠᠩ ᠸᠧᠢ ᠬᠤᠩ ᠶᠠᠷᠢᠶᠠᠨ ᠳᠠᠭᠠᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠣᠯᠠᠨ ᠵᠢᠯ ᠤᠨ ᠲᠤᠷᠰᠢ ︽ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ︾ ᠦᠨᠳᠦᠰᠦᠲᠡᠨ ᠤ ᠠᠵᠢᠯ ᠤᠨ ᠭᠤᠣᠯ ᠰᠡᠳᠦᠪ ᠤᠨ ᠲᠣᠭᠤᠷᠢᠨ ᠳᠤ᠂ ︽ᠳᠤᠮᠳᠠᠳᠤ ᠶᠢᠨ ᠦᠨᠳᠦᠰᠦᠲᠡᠨ ᠨᠦᠭᠦᠳ ᠨᠢᠭᠡ ᠭᠡᠷ ᠤᠨ ᠬᠢᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠬᠡᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠶᠡᠷᠦᠩᠬᠡᠢ ᠬᠠᠷᠠᠯᠲᠠ ᠲᠠᠢ ᠨᠢᠭᠲᠠ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠤᠯᠭᠠᠨ᠂ ᠪᠥᠬᠦ ᠬᠤᠰᠢᠭᠤᠨ ᠤ ᠭᠤᠣᠯ ᠠᠵᠢᠯ ᠪᠣᠯᠣᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠨᠢᠭᠲᠠ ᠤᠶᠠᠯᠳᠤᠭᠤᠯᠵᠤ᠂ ᠬᠥᠭᠵᠢᠯᠲᠡ ᠶᠢ ᠠᠳᠬᠤᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠡᠶ᠎ᠡ ᠵᠣᠬᠢᠴᠠᠯ ᠢ ᠠᠬᠢᠭᠤᠯᠬᠤ ᠳᠤᠮᠳᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠴᠢᠨᠠᠭᠰᠢᠳᠠ ᠠᠬᠢᠭᠤᠯᠤᠭᠠᠳ᠂ ᠬᠤᠰᠢᠭᠤ ᠲᠠᠶᠠᠭᠠᠷ ᠲᠤ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠳᠠᠪᠰᠢᠯᠲᠠ᠂ ᠦᠨᠳᠦᠰᠦᠲᠡᠨ ᠤ ᠪᠦᠯᠬᠦᠮᠳᠡᠯ ᠤᠨ ᠠᠰᠤᠷᠤ ᠰᠠᠶᠢᠨ ᠪᠠᠶᠢᠳᠠᠯ ᠢᠯᠡᠷᠡᠵᠡᠢ ᠬᠡᠵᠦ ᠵᠢᠭᠠᠨ ᠭᠠᠷᠭᠠᠪᠠ᠃ ᠸᠠᠩ ᠸᠧᠢ ᠬᠤᠩ ᠪᠠᠰᠠ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠢ ᠡᠯ᠎ᠡ ᠲᠥᠷᠥᠯ ᠤᠨ ᠬᠥᠮᠦᠵᠢᠯ ᠤᠨ ᠪᠥᠬᠦ ᠶᠠᠪᠤᠴᠠ ᠳᠤ ᠠᠭᠤᠰᠬᠠᠬᠤ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠪᠠᠳᠤᠳᠬᠠᠨ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠭᠦᠯᠵᠦ᠂ ᠬᠠᠮᠲᠤ ᠪᠠᠷ ᠪᠦᠯᠬᠦᠮᠳᠡᠨ ᠲᠡᠮᠡᠴᠡᠭᠰᠡᠨ᠂ ᠬᠠᠮᠲᠤ ᠪᠠᠷ ᠴᠡᠴᠡᠭᠯᠡᠨ ᠬᠦᠭᠵᠢᠭᠰᠡᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠬᠦᠳᠦᠨ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃        ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠭᠠᠲᠤᠷ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠡᠷᠳᠡᠨᠢᠪᠠᠭᠠᠳᠤᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠢᠦᠢ ᠴᠧᠩ ᠭᠦᠸᠧ ᠵᠢᠴᠢ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠪᠠ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠤᠨ ᠭᠡᠰᠢᠭᠦᠨ ᠨᠢᠭᠡᠴᠡ᠂ ᠡᠯ᠎ᠡ ᠬᠠᠮᠢᠶ᠎ᠠ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃        ᠠᠬᠤᠢ ᠲᠠᠯᠠᠪᠠᠢ ᠳᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ︾᠂ ︽ᠦᠨᠳᠦᠰᠦᠲᠡᠨ ᠤ ᠠᠵᠢᠯ ᠤᠨ ᠵᠠᠭᠤᠨ ᠰᠡᠳᠦᠪ︾᠂ ︽ᠦᠨᠳᠦᠰᠦᠲᠡᠨ ᠤ ᠵᠢᠷᠤᠭᠲᠤ ᠰᠡᠳᠬᠦᠯ︾ ᠵᠡᠷᠭᠡ ᠡᠯ᠎ᠡ ᠲᠦᠷᠦᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠳᠡ 800 ᠭᠠᠷᠤᠢ ᠬᠤᠪᠢ ᠲᠠᠷᠬᠠᠭᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号