ᠠᠵᠢᠯ ᠣᠯᠭᠤᠯᠲᠠ ᠶᠢᠨ ᠦᠢᠯᠡᠴᠢᠯᠡᠭᠡ ᠶᠢ ᠰᠠᠶᠢᠵᠢᠷᠠᠭᠤᠯᠵᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ  ᠢ ᠰᠢᠯᠢᠳᠡᠭᠵᠢᠭᠦᠯᠦᠨ᠎ᠡ
ᠨᠡᠶᠢᠲᠡᠯᠡᠭᠰᠡᠨ ᠴᠠᠭ᠄
2022/5/25
    ᠬᠤᠳᠠᠯᠳᠤᠭ᠎ᠠ ᠡᠷᠭᠢᠯᠡᠬᠦ ᠦᠢᠯᠡᠴᠢᠯᠡᠭᠡᠨ ᠤ ᠣᠷᠴᠢᠨ ᠨᠥᠬᠦᠴᠡᠯ   ᠢ ᠪᠥᠬᠦ ᠲᠠᠯ᠎ᠠ ᠪᠠᠷ ᠰᠢᠯᠢᠳᠡᠭᠵᠢᠬᠦᠯᠦᠨ᠂ ︽ᠵᠢᠷᠭᠤᠭ᠎ᠠ ᠶᠢ ᠪᠠᠲᠤᠯᠠᠬᠤ︾ ︽ᠵᠢᠷᠭᠤᠭ᠎ᠠ ᠶᠢ  ᠲᠤᠭᠳᠠᠪᠤᠷᠢᠵᠢᠭᠤᠯᠬᠤ︾ ᠠᠵᠢᠯ   ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠠᠬᠤᠶᠢᠯᠠᠯ   ᠢ ᠬᠠᠪᠰᠤᠷᠤᠨ ᠠᠵᠢᠯ ᠦᠢᠯᠡᠳᠪᠦᠷᠢᠯᠡᠯ ᠢ ᠨᠢ ᠰᠡᠷᠬᠦᠬᠡᠬᠦ ‍ᠤ᠋‌‍ᠶᠢᠨ ᠲᠥᠯᠥᠭᠡ᠂ 5 ᠰᠠᠷ᠎ᠠ ᠶᠢᠨ 24 ᠤ ᠡᠳᠦᠷ ᠲᠠᠶᠢᠹᠤᠰᠧ ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ  ᠨᠢ ᠠᠩᠬᠠᠳᠤᠭᠠᠷ ᠬᠤᠭᠤᠴᠠᠭᠠᠨ ᠤ ︽ᠠᠵᠢᠯ ᠣᠯᠭᠤᠬᠤ ᠦᠢᠯᠡᠴᠢᠯᠡᠭᠡ ᠶᠢ ᠳᠡᠭᠡᠭᠰᠢᠯᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ   ᠢ ᠰᠢᠯᠢᠳᠡᠭᠵᠢᠭᠦᠯᠬᠦ︾ ᠪᠣᠯᠪᠠᠰᠤᠷᠠᠯ ᠡᠷᠭᠢᠯᠡᠪᠡ᠃ ᠲᠠᠩ ᠾᠧ  ᠂ ᠱᠧᠩ ᠲᠠᠢ ᠡᠯ᠂ ᠲᠠᠯ᠎ᠠ ᠨᠤᠲᠤᠭ ᠠᠷᠢᠬᠢᠨ ᠦᠢᠯᠡᠳᠪᠦᠷᠢ ᠵᠡᠷᠭᠡ 30  ᠡᠷᠦᠬᠡ ᠠᠵᠤ ᠠᠬᠤᠶᠢᠯᠠᠯ ᠤᠨ ᠲᠥᠯᠥᠭᠡᠯᠡᠭᠴᠢ ᠶᠢ ᠪᠠᠭᠳᠠᠭᠠᠭᠰᠠᠨ 50 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃ ᠪᠣᠯᠪᠠᠰᠤᠷᠠᠯ ᠳᠡᠭᠡᠷ᠎ᠡ᠂ ᠬᠤᠰᠢᠭᠤᠨ ᠤ ᠠᠵᠢᠯ ᠤᠯᠭᠤᠬᠤ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠠᠴᠠ  ᠨᠡᠶᠢᠭᠡᠮ ᠤᠨ ᠳᠠᠭᠠᠳᠬᠠᠯ ᠤᠨ ᠨᠥᠬᠦᠪᠦᠷᠢ᠂ ᠳᠠᠳᠤᠯᠭ᠎ᠠ ᠶᠢᠨ ᠬᠥᠮᠥᠰ ᠤᠨ ᠨᠥᠬᠦᠪᠦᠷᠢ᠂ ᠴᠢᠳᠠᠪᠤᠷᠢᠲᠠᠨ ᠤ ᠨᠥᠭᠡᠴᠡ ᠶᠢᠨ ᠨᠥᠬᠦᠪᠦᠷᠢ᠂ ︽ᠳᠥᠷᠪᠡ ᠶᠢ ᠨᠢᠭᠡ ᠴᠣᠭᠴᠠᠵᠢᠭᠤᠯᠬᠤ︾ ᠰᠢᠰᠲ᠋ᠧᠮ  ᠂ ᠠᠵᠢᠯ ᠠᠯᠳᠠᠯᠲᠠ ᠶᠢᠨ ᠳᠠᠭᠠᠳᠬᠠᠯ ᠂ ᠠᠵᠢᠯ ᠮᠡᠷᠭᠡᠵᠢᠯ ᠤᠨ ᠴᠢᠳᠠᠪᠤᠷᠢ ᠂ ᠦᠢᠯᠡᠰ ᠪᠦᠳᠦᠬᠡᠬᠦ ᠪᠠᠲᠤᠯᠠᠭᠠᠲᠤ ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢᠨ ᠲᠤᠬᠠᠢ ᠨᠠᠷᠢᠨ ᠲᠠᠶᠢᠯᠤᠮᠵᠢ ᠬᠢᠵᠦ ᠂ ᠠᠵᠤ ᠠᠬᠤᠶᠢᠯᠠᠯ ᠢ ᠬᠠᠪᠰᠤᠷᠤᠨ ᠲᠥᠷᠥ ᠶᠢᠨ ᠪᠣᠳᠣᠯᠭ᠎ᠠ ᠶᠢ ᠡᠵᠡᠮᠰᠢᠭᠦᠯᠵᠦ᠂ ᠨᠡᠩ ᠤᠯᠠᠨ ᠬᠦᠮᠦᠰ ᠲᠤ ᠠᠵᠢᠯ ᠤᠯᠭᠤᠬᠤ ᠶᠢ ᠲᠠᠶᠢᠴᠢᠯᠠᠭᠰᠠᠨ ᠪᠠᠶᠢᠨ᠎ᠠ᠃   ︽ ᠡᠨᠡ ᠤᠳᠠᠭᠠᠨ ᠤ ᠪᠣᠯᠪᠠᠰᠤᠷᠠᠯ ᠨᠢ ᠵᠠᠰᠠᠭ ᠤᠨ ᠣᠷᠳᠣᠨ ᠤ ᠨᠡᠶᠢᠲᠡᠯᠡᠭᠰᠡᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ  ᠶᠢ  ᠪᠢᠳᠡᠨ ᠳᠤ ᠨᠠᠩ  ᠬᠦᠨᠵᠡᠬᠡᠢ ᠪᠥᠭᠡᠳ ᠨᠡᠪᠲᠡᠷᠬᠡᠢ  ᠤᠶᠢᠯᠠᠭᠠᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠩ ᠰᠠᠶᠢᠲᠤᠷ ᠡᠵᠡᠮᠰᠢᠨ ᠬᠡᠷᠡᠭᠯᠡᠬᠦ ᠳᠤ ᠰᠠᠶᠢᠨ ᠰᠠᠶᠢᠬᠠᠨ ᠮᠡᠳᠡᠭᠡ ᠵᠠᠩᠭᠢ ᠶᠢᠨ ᠲᠠᠪᠴᠠᠩ ᠪᠠᠶᠢᠭᠤᠯᠵᠤ ᠥᠭᠭᠦᠭᠰᠡᠨ ᠪᠠᠶᠢᠨ᠎ᠠ︾  ᠬᠡᠵᠦ  ᠪᠣᠯᠪᠠᠰᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠲᠥᠯᠥᠭᠡᠯᠡᠭᠴᠢᠳ ᠢᠯᠡᠷᠭᠡᠶᠢᠯᠡᠨ᠎ᠡ᠃ ᠲᠠᠷᠠᠭᠠᠴᠢ ᠶᠢᠨ ᠠᠯᠬᠤᠮ ᠳᠤ᠂  ᠲᠠᠶᠢᠹᠤᠰᠧ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠠᠵᠢᠯ ᠣᠯᠭᠤᠯᠲᠠ ᠶᠢ ᠲᠤᠭᠳᠠᠪᠤᠷᠢᠵᠢᠭᠤᠯᠬᠤ  ᠡᠯ᠎ᠡ ᠲᠦᠷᠦᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠩ ᠢᠳᠡᠪᠬᠢᠲᠡᠢ ᠠᠵᠢᠯ ᠣᠯᠭᠤᠯᠲᠠ ᠶᠢᠨ ᠲᠦᠷᠦ ᠶᠢᠨ ᠪᠣᠳᠣᠯᠭ᠎ᠠ ᠶᠢ ᠭᠡᠷᠡᠭᠵᠢᠬᠦᠯᠦᠨ᠂  ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠬᠠᠩᠭᠠᠯᠭ᠎ᠠ ᠬᠡᠷᠡᠭᠴᠡᠭᠡᠨ ᠤ ᠲᠠᠪᠴᠠᠩ ᠢ ᠪᠠᠶᠢᠭᠤᠯᠤᠨ᠂ ᠮᠡᠳᠡᠭᠡ ᠵᠠᠩᠭᠢ ᠶᠢ ᠨᠠᠷᠢᠯᠢᠭ ᠣᠨᠣᠴᠠᠲᠠᠢ ᠪᠠᠷ ᠬᠦᠷᠭᠡᠬᠦ᠂ ᠬᠠᠩᠭᠠᠯᠭ᠎ᠠ ᠬᠡᠷᠡᠭᠴᠡᠭᠡᠨ ᠤ ᠬᠤᠶᠠᠷ ᠲᠠᠯ᠎ᠠ ᠶᠢ ᠨᠠᠷᠢᠯᠢᠭ ᠣᠨᠣᠴᠠᠲᠠᠢ ᠪᠠᠷ ᠵᠣᠯᠭᠠᠭᠤᠯᠬᠤ ᠶᠢ ᠪᠡᠶᠡᠯᠡᠭᠦᠯᠵᠦ᠂ ᠠᠵᠤ ᠠᠬᠤᠶᠢᠯᠠᠯ ᠢ ᠬᠠᠪᠰᠤᠷᠤᠨ ᠠᠵᠢᠯᠴᠢᠨ ᠡᠯᠰᠡᠬᠦ ᠠᠰᠠᠭᠤᠳᠠᠯ ᠢ ᠰᠢᠢᠳᠪᠦᠷᠢᠯᠡᠨ᠂ ᠬᠤᠳᠠᠯᠳᠤᠭ᠎ᠠ ᠡᠷᠬᠢᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠡᠭᠦᠰᠦᠭᠰᠡᠨ ᠤᠶᠤᠳᠠᠨ᠂   ᠰᠢᠯᠵᠢᠭᠰᠡᠨ ᠬᠥᠳᠡᠯᠮᠦᠷᠢ ᠬᠦᠴᠦᠨ᠂ ᠴᠡᠷᠢᠭ  ᠤᠨ ᠠᠯᠪᠠ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠰᠠᠶᠢᠲᠤᠷ ᠰᠢᠢᠳᠪᠦᠷᠢᠯᠡᠬᠦ ᠪᠠᠷ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号