ᠮᠡᠭᠡᠯᠡᠯ ᠤᠨ ᠭᠡᠷᠡᠭ ᠢ  ᠠᠮᠵᠢᠯᠳᠠᠳᠠᠢ ᠰᠢᠢᠳᠪᠦᠷᠢᠯᠡᠵᠦ  ᠬᠤᠬᠢᠷᠠᠯ ᠤᠨ ᠪᠤᠯᠤᠮᠵᠢ ᠶᠢ ᠪᠦᠳᠦᠮᠵᠢᠳᠡᠢ ᠵᠠᠶᠢᠯᠠᠭᠤᠯᠪᠠ
ᠨᠡᠶᠢᠲᠡᠯᠡᠭᠰᠡᠨ ᠴᠠᠭ᠄
2022/5/25
   ᠣᠶᠢᠷ᠎ᠠ ᠳᠤ᠂ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠬᠢᠨ ᠵᠠᠷᠢᠮ ᠬᠥᠮᠥᠨ ᠠᠯᠢ ᠨᠢᠬᠡ ᠪᠠᠯᠭᠠᠰᠤᠨ ᠤ ᠤᠳᠤᠷᠢᠳᠤᠯᠭ᠎ᠠ ᠪᠠᠷ ᠬᠠᠭᠤᠷᠮᠠᠭᠯᠠᠨ ᠮᠡᠬᠡᠯᠡᠯ ᠬᠢᠵᠦ ᠪᠠᠶᠢᠨ᠎ᠠ ᠭᠡᠰᠡᠨ ᠬᠡᠷᠡᠭ ᠤᠨ ᠮᠡᠳᠡᠭᠦᠯᠦᠯᠲᠡ ᠶᠢ ᠲᠤᠰᠴᠠᠢ᠃  ᠴᠠᠭᠳᠠᠭᠠᠨ ᠤ ᠰᠠᠯᠪᠤᠷᠢ ᠠᠩᠭᠢ ᠶᠢᠨ ᠬᠢᠨ ᠡᠨᠡᠬᠦ  ᠭᠡᠷᠡᠭ ᠲᠤ ᠨᠠᠷᠢᠨ ᠵᠠᠳᠠᠯᠤᠯᠲᠠ ᠬᠢᠭᠰᠡᠨ ᠤ ᠲᠠᠷᠠᠭ᠎ᠠ᠂  ᠲᠤᠪᠴᠢᠶᠠᠨ ᠤ ᠪᠠᠨ ᠮᠡᠬᠡᠯᠡᠯ ᠢ ᠡᠰᠡᠷᠭᠦᠴᠡᠬᠦ ᠲᠥᠪ ᠲᠠᠢ ᠬᠠᠮᠳᠤᠷᠠᠵᠤ᠂  ᠤᠳᠤᠷᠢᠳᠤᠯᠭ᠎ᠠ   ᠪᠠᠷ ᠤᠪᠯᠠᠨ ᠮᠡᠬᠡᠯᠡᠬᠦ  ᠠᠵᠢᠯᠯᠠᠭᠠᠨ ᠤ ᠣᠨᠴᠠᠯᠢᠭ ᠵᠢᠮ᠎ᠡ ᠶᠢ ᠦᠨᠳᠦᠰᠦᠯᠡᠨ᠂ ᠲᠡᠷᠡ ᠳᠠᠷᠤᠢ ᠳᠤᠨᠢ ᠬᠤᠯᠪᠤᠭᠳᠠᠬᠤ  ᠪᠠᠯᠭᠠᠰᠤᠨ  ᠤ ᠵᠠᠰᠠᠭ ᠤᠨ ᠤᠷᠳᠤᠨ ᠢᠶᠠᠷ ᠰᠡᠷᠡᠮᠵᠢᠯᠡᠭᠦᠯᠦᠯ ᠤᠨ ᠮᠡᠳᠡᠭᠡ ᠵᠠᠩᠭᠢ   ᠶᠢ ᠪᠦᠬᠦ ᠪᠠᠯᠭᠠᠰᠤᠨ ᠤ ᠬᠡᠪᠴᠢᠶᠡᠨ ᠳᠤ ᠨᠡᠶᠢᠳᠡᠯᠡᠬᠦᠯᠵᠡᠢ᠃  ᠡᠭᠦᠨ ᠤ ᠬᠠᠮᠲᠤ᠂ ᠠᠶᠢᠮᠠᠭ ᠬᠤᠰᠢᠭᠤᠨ ᠤ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠲᠠᠢ ᠴᠠᠭ ᠲᠤᠬᠠᠢ ᠳᠤᠨᠢ ᠬᠠᠷᠢᠯᠴᠠᠵᠤ ᠪᠠᠶᠢᠳᠠᠯ ᠢ  ᠮᠡᠳᠡᠭᠳᠡᠨ᠂  ᠮᠡᠭᠡᠯᠡᠯ ᠢ ᠡᠰᠡᠷᠭᠦᠴᠡᠬᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠬᠢᠯᠡᠭᠦᠯᠪᠡ᠃  ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠪᠠᠩᠬᠢ᠂ ᠬᠤᠰᠢᠭᠤᠨ ᠤ ᠠᠷᠠᠳ ᠤᠨ ᠪᠠᠩᠬᠢ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠦᠴᠦᠲᠡᠢ ᠳᠡᠮᠵᠢᠯᠭᠡ ᠳᠣᠣᠷ᠎ᠠ᠂ ᠣᠯᠠᠨ ᠲᠠᠯ᠎ᠠ ᠶᠢᠨ ᠴᠢᠷᠮᠠᠶᠢᠯᠭ᠎ᠠ   ᠪᠠᠷ ᠲᠠᠮᠵᠢᠭᠠᠳ ᠰᠡᠵᠢᠭᠲᠡᠨ ᠤ  ᠪᠠᠩᠬᠢ ᠶᠢᠨ ᠺᠠᠷᠲ ᠲᠤ ᠮᠥᠩᠭᠦ  ᠤᠷᠤᠭᠤᠯᠬᠤ ᠶᠢ ᠪᠠᠴᠢᠮ ᠵᠣᠭᠰᠣᠭᠠᠵᠤ᠂ ᠥᠪᠥᠷ ᠮᠣᠩᠭᠤᠯ  ᠬᠢᠭᠡᠳ ᠠᠨᠾᠦ᠋ᠢ  ᠂ ᠬᠠᠷᠠᠮᠥ᠋ᠷᠡᠨ ᠂ ᠰᠧᠴᠤᠸᠠᠨ᠂ ᠯᠢᠶᠣᠤᠨᠢᠩ  ᠵᠡᠷᠭᠡ ᠭᠠᠵᠠᠷ  ᠤᠷᠤᠨ ᠤ 13  ᠨᠡᠷ᠎ᠡ  ᠮᠡᠬᠡᠯᠡᠭᠳᠡᠭᠴᠢ ᠶᠢ ᠮᠡᠬᠡᠯᠡᠯ ᠠᠴᠠ ᠠᠪᠤᠷᠠᠵᠤ᠂ ᠨᠡᠶᠢᠳᠡ 36.6 ᠲᠦᠮᠡᠨ ᠲᠥᠭᠦᠷᠢᠭ ᠤᠨ ᠬᠤᠬᠢᠷᠠᠯ ᠢ ᠵᠠᠶᠢᠯᠠᠭᠤᠯᠤᠭᠰᠠᠨ ᠪᠠᠶᠢᠨ᠎ᠠ᠃  ᠴᠠᠭᠠᠳᠠᠭ᠎ᠠ ᠨᠠᠷ ᠪᠠᠰᠠ ︽ᠬᠤᠷᠳᠤᠨ ᠭᠠᠷ︾  ᠺᠣᠮᠫᠠᠨᠢ ᠲᠠᠢ ᠬᠠᠷᠢᠯᠴᠠᠵᠤ᠂ ᠲᠣᠰ ᠮᠡᠬᠡᠯᠡᠯ ᠤᠨ ᠳ᠋ᠤᠭᠠᠷ ᠢ ᠡᠭᠦᠷᠢᠳᠡ ᠪᠢᠲᠡᠭᠦᠮᠵᠢᠯᠡᠨ  ᠵᠤᠭᠰᠤᠭᠠᠭᠰᠠᠨ ᠪᠦᠭᠡᠳ ᠲᠣᠰ ᠳ᠋ᠤᠭᠠᠷ ᠲᠤ ᠠᠩᠬᠠᠷᠤᠯ ᠢᠶᠠᠨ ᠬᠠᠨᠳᠤᠭᠤᠯᠵᠤ ᠪᠠᠶᠢᠭᠰᠠᠨ 38 ᠨᠡᠷ᠎ᠡ ᠰᠢᠳᠦᠨ ᠪᠢᠰᠢᠷᠡᠭᠴᠢ ᠶᠢ ᠰᠡᠷᠡᠮᠵᠢᠯᠡᠭᠦᠯᠦᠨ ᠰᠠᠨᠠᠭᠤᠯᠵᠤ᠂  ᠡᠨᠡ  ᠤᠳᠠᠭᠠᠨ ᠤ ᠭᠡᠷᠡᠭ ᠢ ᠪᠦᠲᠦᠮᠵᠢᠲᠡᠶ ᠰᠢᠢᠳᠪᠦᠷᠢᠯᠡᠭᠡᠳ᠂ ᠣᠯᠠᠨ ᠲᠦᠮᠡᠨ ᠤ ᠰᠠᠶᠢᠨ ᠦᠨᠡᠯᠡᠯᠲᠡ ᠶᠢ ᠤᠯᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号