ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢᠨ | ᠲᠥᠯᠥᠭᠡ᠂ ᠣᠶᠢᠷ᠎ᠠ ᠳᠤ ᠲᠠᠶᠢᠹᠤᠰᠧ ᠬᠤᠰᠢᠭᠤᠨ ᠤ ᠮᠣᠩᠭᠤᠯ ᠦᠨᠳᠦᠰᠦᠲᠡᠨ ᠤ ᠰᠤᠷᠭᠠᠭᠤᠯᠢ ᠨᠢ ︽ | ᠰᠣᠩᠭᠤᠳᠠᠭ ᠪᠦᠲᠦᠭᠡᠯ ᠤᠩᠰᠢᠵᠤ ᠬᠦᠰᠡᠯ ᠵᠡᠭᠦᠳᠦ ᠪᠠᠨ ᠲᠡᠷᠭᠡᠯᠰᠢᠬᠦᠯᠦᠶ᠎ᠡ︾ ᠬᠡᠮᠡᠬᠦ ᠬᠡᠯᠡ ᠪᠢᠴᠢᠭ ᠤᠨ | ᠤᠷᠠᠨ ᠤᠩᠰᠢᠯᠭ᠎ᠠ ᠶᠢᠨ ᠤᠷᠤᠯᠳᠤᠭᠠᠨ ᠢ ᠡᠷᠬᠢᠯᠡᠨ ᠶᠠᠪᠤᠭᠳᠠᠭᠤᠯᠵᠠᠢ᠃ ᠡᠨᠡ ᠤᠳᠠᠭᠠᠨ ᠤ ᠤᠷᠤᠯᠳᠤᠭᠠᠨ ᠢ | ᠬᠠᠮᠲᠤ ᠶᠢᠨ ᠤᠷᠤᠯᠳᠤᠭᠠᠨ ᠪᠠ ᠬᠤᠪᠢ ᠬᠥᠮᠥᠨ ᠤ ᠤᠷᠤᠯᠳᠤᠭᠠᠨ ᠭᠡᠵᠦ ᠬᠤᠪᠢᠶᠠᠭᠰᠠᠨ ᠪᠠᠶᠢᠪᠠ᠃ | ᠤᠷᠤᠯᠳᠤᠭᠠᠨ ᠤ ᠠᠬᠤᠢ ᠲᠠᠯᠠᠪᠠᠢ ᠳᠤ᠂ ᠰᠤᠷᠤᠭᠴᠢᠳ ᠣᠷᠭᠢᠯᠤᠮ᠎ᠠ ᠬᠠᠯᠠᠭᠤᠨ ᠰᠡᠳᠬᠢᠯᠭᠡ᠂ ᠤᠷᠠᠨ ᠲᠤᠳᠤ | ᠬᠤᠭᠤᠯᠠᠢ ᠪᠠᠷ ᠰᠣᠩᠭᠤᠳᠠᠭ ᠰᠠᠶᠢᠬᠠᠨ ᠰᠢᠯᠢᠭ ᠨᠠᠶᠢᠷᠠᠭ ᠢ ᠤᠶᠠᠩᠭᠠᠯᠠᠨ ᠤᠩᠰᠢᠵᠤ᠂ ᠦᠭᠡ ᠬᠡᠯᠡ ᠦᠰᠦᠭ | ᠪᠢᠴᠢᠭ ᠤᠨ ᠷᠢᠳᠢ ᠰᠢᠳᠢ ᠶᠢ ᠤᠯᠠᠨ᠎ᠠ ᠬᠠᠷᠠᠭᠤᠯᠪᠠ᠃ ᠬᠤᠶᠠᠷ ᠴᠠᠭ ᠭᠠᠷᠤᠢ ᠶᠢᠨ ᠬᠤᠷᠴᠠ ᠰᠢᠷᠦᠭᠦᠨ | ᠥᠷᠢᠰᠦᠯᠳᠦᠭᠡᠨ ᠢᠶᠠᠷ ᠲᠠᠮᠵᠢᠭᠠᠳ᠂ ᠬᠤᠪᠢ ᠬᠥᠮᠥᠨ ᠂ ᠠᠩᠬᠢ ᠨᠢᠬᠡᠴᠡ ᠶᠢᠨ ᠰᠢᠯᠢᠳᠡᠭ ᠢ ᠰᠢᠯᠭᠠᠷᠠᠭᠤᠯᠵᠤ᠂ | ᠲᠤᠰ ᠲᠤᠰ ᠤᠨ ᠪᠠᠶᠢᠷᠢ ᠱᠠᠩ ᠢ ᠭᠠᠷᠳᠠᠭᠤᠯᠤᠭᠰᠠᠨ ᠪᠠᠶᠢᠨ᠎ᠠ᠃ ᠡᠨᠡ ᠤᠳᠠᠭᠠᠨ ᠤ ᠤᠷᠤᠯᠳᠤᠭᠠᠨ ᠨᠢ᠂ | ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠴᠢᠳᠠᠪᠤᠷᠢ ᠪᠠ | ᠦᠭᠡ ᠬᠡᠯᠡ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠪᠦᠬᠦ ᠰᠤᠷᠭᠠᠭᠤᠯᠢ ᠶᠢᠨ ᠪᠠᠭᠰᠢ | ᠰᠤᠷᠤᠭᠴᠢᠳ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠲᠤᠬᠠᠢ ᠬᠠᠶᠢᠷ᠎ᠠ ᠰᠡᠳᠬᠢᠯᠭᠡ ᠶᠢ | ᠴᠢᠩᠭᠠᠳᠬᠠᠨ᠂ ᠪᠠᠭᠰᠢ ᠰᠤᠷᠤᠭᠴᠢᠳ ᠤᠨ ᠰᠣᠩᠭᠤᠳᠠᠭ ᠵᠣᠬᠢᠶᠠᠯ ᠲᠠᠢ ᠤᠶᠢᠷᠠᠳᠬᠤ᠂ ᠰᠣᠩᠭᠤᠳᠠᠭ ᠵᠣᠬᠢᠶᠠᠯ ᠢᠶᠠᠨ | ᠬᠠᠶᠢᠷᠠᠯᠠᠬᠤ ᠦᠵᠡᠯᠳᠡ ᠲᠠᠨᠢᠯᠳᠠ ᠶᠢ ᠴᠢᠩᠭᠠᠳᠬᠠᠵᠤ᠂ ᠢᠳᠡᠪᠬᠢᠲᠡᠢ ᠪᠠᠷ ᠥᠭᠡᠳᠡᠯᠡᠨ ᠲᠠᠪᠰᠢᠬᠤ | ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠭᠤᠷ ᠠᠮᠢᠰᠬᠤᠯ ᠢ ᠪᠤᠢ ᠪᠤᠯᠭᠠᠨ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠬᠥᠮᠦᠵᠢᠯ ᠢ ᠬᠦᠨᠵᠡᠬᠡᠶᠢᠷᠡᠬᠦᠯᠵᠦ᠂ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ | ᠴᠣᠭᠴᠠᠯᠠᠨ ᠪᠠᠶᠢᠭᠤᠯᠬᠤ ᠳᠤ ᠠᠬᠢᠭᠤᠯᠭ᠎ᠠ ᠪᠤᠯᠵᠠᠢ᠃ |