ᠲᠠᠶᠢᠹᠤᠰᠧ ᠬᠤᠰᠢᠭᠤᠨ ᠤ  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠣᠶᠤᠲᠠᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠡᠯᠰᠡᠬᠦ ᠵᠠᠷᠯᠠᠯ
ᠨᠡᠶᠢᠲᠡᠯᠡᠭᠰᠡᠨ ᠴᠠᠭ᠄
2022/5/25
ᠪᠥᠬᠦ ᠬᠤᠰᠢᠭᠤᠨ ᠤ ᠨᠤᠲᠤᠭ ᠲᠠᠭᠠᠨ ᠪᠤᠴᠠᠭᠰᠠᠨ ᠣᠶᠤᠲᠠᠳ ᠲᠤ᠄    ᠥᠷᠭᠡᠨ ᠤᠯᠠᠨ ᠨᠤᠲᠤᠭ ᠲᠠᠭᠠᠨ ᠪᠤᠴᠠᠭᠰᠠᠨ ᠣᠶᠤᠲᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠬᠦᠬᠦ ᠶᠢ ᠲᠠᠶᠢᠴᠢᠯᠠᠵᠤ᠂ ᠵᠠᠯᠠᠭᠤᠴᠤᠳ ᠤᠨ ᠭᠠᠪᠰᠢᠭᠠᠢ ᠠᠩᠭᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂  ᠡᠪ ᠬᠠᠮᠳᠤ ᠵᠠᠯᠠᠭᠤᠴᠤᠳ ᠤᠨ ᠡᠪᠯᠡᠯ ᠤᠨ ᠲᠠᠶᠢᠹᠤᠰᠧ ᠬᠤᠰᠢᠭᠤᠨ ᠤ ᠬᠤᠷᠢᠶ᠎ᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠣᠶᠤᠲᠠᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠨᠤᠲᠤᠭ ᠲᠠᠭᠠᠨ ᠪᠤᠴᠠᠭᠰᠠᠨ ᠣᠶᠤᠲᠠᠳ ᠢ ᠡᠯᠰᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠳᠤ ᠣᠷᠣᠯᠴᠠᠭᠤᠯᠬᠤ ᠪᠠᠷ ᠲᠣᠭᠲᠠᠪᠠ᠃ ᠡᠳᠦᠭᠡ ᠪᠣᠳᠠᠲᠠᠢ ᠤᠴᠢᠷ ᠢ ᠳᠣᠣᠷᠠᠬᠢ ᠮᠡᠲᠦ ᠮᠡᠳᠡᠭᠳᠡᠵᠦ ᠪᠠᠶᠢᠨᠠᠮ  ᠄     ᠨᠢᠭᠡ᠂ ᠡᠯᠰᠡᠬᠦ ᠨᠢᠭᠤᠷᠯᠠᠯ     ᠲᠠᠶᠢᠹᠤᠰᠧ ᠬᠤᠰᠢᠭᠤᠨ ᠤ ᠨᠤᠲᠤᠭ ᠲᠠᠭᠠᠨ ᠪᠤᠴᠠᠭᠰᠠᠨ ᠣᠶᠤᠲᠠᠨ ︵ᠬᠢᠵᠢᠭ ᠤᠨ ᠪᠠᠶᠢᠳᠠᠯ   ᠠᠴᠠ ᠪᠣᠯᠵᠤ ᠰᠤᠷᠭᠠᠭᠤᠯᠢ ᠳᠠᠭᠠᠨ ᠶᠠᠪᠤᠵᠤ ᠲᠡᠶᠢᠯᠦᠬᠡᠳᠦᠢ᠂ ᠣᠲᠣ  ᠲᠠᠶᠢᠹᠤᠰᠧ ᠬᠤᠰᠢᠭᠤᠨ ᠳᠠᠭᠠᠨ ᠰᠠᠭᠤᠵᠤ  ᠪᠠᠶᠢᠭ᠎ᠠ︶     ᠬᠤᠶᠠᠷ᠂ ᠡᠯᠰᠡᠬᠦ ᠨᠥᠬᠦᠴᠡᠯ     1. ᠪᠦᠬᠦᠯᠢ ᠠᠷᠪᠠᠨ ᠨᠠᠢᠮᠠᠨ ᠨᠠᠰᠤᠨ ᠠᠴᠠ ᠳᠡᠭᠡᠭᠰᠢ᠂ ᠪᠡᠶ᠎ᠡ ᠮᠠᠬᠠᠪᠤᠳ ᠡᠷᠡᠭᠦᠯ ᠴᠢᠭᠢᠷᠠᠭ ᠬᠦᠮᠦᠰ᠃     2. ᠨᠠᠮ ᠤᠨ ᠤᠳᠤᠷᠢᠳᠤᠯᠭ᠎ᠠ ᠶᠢ ᠲᠠᠭᠠᠵᠤ᠂ ᠦᠵᠡᠯ ᠰᠠᠨᠠᠭ᠎ᠠ ᠤᠯᠤᠰ ᠲᠤᠶᠢᠷᠦ ᠶᠢᠨ ᠲᠠᠯ᠎ᠠ ᠪᠠᠷ ᠪᠠᠲᠤ ᠴᠢᠩᠭ᠎ᠠ  ᠂ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠬᠠᠯᠠᠭᠤᠨ ᠰᠡᠳᠬᠢᠯ ᠲᠠᠢ᠂ ᠬᠠᠷᠠᠮ ᠤᠶᠢᠭᠡᠢ ᠵᠣᠷᠢᠭᠤᠯᠬᠤ ᠵᠣᠷᠢᠭ ᠰᠠᠨᠠᠭ᠎ᠠ ᠲᠠᠢ ᠬᠦᠮᠦᠰ᠃    3. ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠬᠠᠶᠢᠷ᠎ᠠ ᠬᠠᠯᠠᠮᠵᠢ ᠬᠦᠷᠭᠡᠬᠦ᠂ ᠡᠮᠬᠢ ᠳᠢᠭᠯᠢᠮ ᠢ ᠬᠠᠮᠠᠭᠠᠯᠠᠬᠤ᠂ ᠰᠡᠳᠬᠢᠴᠡ ᠶᠢᠨ ᠵᠢᠯᠣᠭᠤᠳᠤᠯᠭ᠎ᠠ᠂ ᠬᠠᠤᠯᠢ ᠴᠠᠭᠠᠵᠠ ᠶᠢᠨ ᠤᠬᠠᠭᠤᠯᠭ᠎ᠠ᠂ ᠡᠮᠴᠢᠯᠡᠵᠦ ᠰᠤᠪᠢᠯᠠᠬᠤ ᠵᠡᠷᠭᠡ ᠠᠵᠢᠯ  ᠦᠢᠯᠡᠰ ᠲᠤ ᠤᠷᠤᠯᠴᠠᠵᠤ ᠦᠩᠭᠡᠷᠡᠭᠰᠡᠨ ᠪᠠ  ᠡᠨᠡ ᠲᠤᠬᠠᠢ ᠮᠡᠳᠡᠯᠭᠡ ᠮᠡᠷᠭᠡᠵᠢᠯ ᠰᠤᠷᠤᠭᠰᠠᠨ ᠬᠦᠮᠦᠰ ᠢ ᠤᠷᠢᠳᠠᠪᠠᠷ ᠪᠣᠳᠣᠯᠬᠢᠯᠠᠨ᠎ᠠ᠃      ᠭᠤᠷᠪᠠ᠂ ᠡᠯᠰᠡᠬᠦ ᠴᠠᠭ      2022 ᠣᠨ ᠤ 5 ᠰᠠᠷ᠎ᠠ ᠶᠢᠨ 23 ᠤ ᠡᠳᠦᠷ ᠠᠴᠠ ᠡᠬᠢᠯᠡᠨ ᠨᠡᠷ᠎ᠡ ᠮᠡᠳᠡᠭᠦᠯᠵᠦ᠂ ᠣᠷᠳᠣ ᠬᠤᠭᠤᠴᠠᠭ᠎ᠠ ᠪᠠᠷ ᠡᠯᠰᠡᠨ᠎ᠡ᠃      ᠳᠥᠷᠪᠡ᠂ ᠦᠢᠯᠡᠴᠢᠯᠡᠭᠡ ᠬᠢᠬᠦ ᠴᠠᠭ ᠪᠠ ᠭᠠᠵᠠᠷ      ᠬᠠᠷᠠᠬᠠᠨ ᠲᠤᠭᠳᠠᠭᠠᠳᠤᠢ ︵ᠪᠣᠳᠠᠲᠠᠢ ᠴᠠᠭ ᠪᠠ ᠭᠠᠵᠠᠷ ᠣᠷᠣᠨ ᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠭᠡᠷᠡᠭᠴᠡᠭᠡ ᠪᠠ ᠪᠠᠶᠢᠷᠢᠯᠠᠭᠤᠯᠤᠯᠳᠠ ᠶᠢ ᠦᠨᠳᠦᠰᠦᠯᠡᠨ ᠲᠣᠭᠲᠠᠭᠠᠨ᠎ᠠ︶      ᠲᠠᠪᠤ᠂  ᠦᠢᠯᠡᠴᠢᠯᠡᠭᠡᠨ ᠤ ᠠᠭᠤᠯᠭ᠎ᠠ      ᠠᠵᠢᠯ ᠤᠨ ᠬᠡᠷᠡᠭᠴᠡᠭᠡ ᠶᠢ ᠦᠨᠳᠦᠰᠦᠯᠡᠨ ᠪᠣᠳᠠᠲᠠᠢ ᠪᠠᠷ ᠲᠤᠬᠢᠷᠠᠭᠤᠯᠤᠨ᠎ᠠ᠃      ᠵᠢᠷᠭᠤᠭ᠎ᠠ᠂ ᠰᠠᠶᠢᠨ ᠳᠤᠷ᠎ᠠ ᠶᠢᠨ ᠠᠵᠢᠯᠯᠠᠭᠴᠢ ᠶᠢᠨ ᠬᠦᠢᠴᠡᠳᠭᠡᠬᠦ ᠡᠭᠦᠷᠭᠡ ᠬᠠᠷᠢᠭᠤᠴᠠᠯᠭ᠎ᠠ      1. ᠤᠯᠤᠰ ᠤᠨ ᠬᠠᠤᠯᠢ ᠲᠦᠷᠢᠮ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠬᠤᠯᠪᠣᠭᠳᠠᠯ ᠪᠦᠬᠦᠢ ᠲᠦᠷᠢᠮ ᠲᠣᠭᠲᠠᠭᠠᠯ ᠢ ᠴᠢᠩᠭ᠎ᠠ ᠵᠢᠷᠤᠮᠯᠠᠨ᠎ᠠ᠂      2. ᠬᠤᠪᠢ ᠬᠥᠮᠥᠨ ᠤ ᠮᠡᠳᠡᠭᠡ ᠵᠠᠩᠭᠢ ᠪᠠᠨ ᠦᠨᠡᠨ ᠪᠣᠳᠠᠲᠠᠢ᠂ ᠵᠥᠪ ᠣᠨᠣᠪᠴᠢᠲᠠᠶ ᠪᠠᠷ ᠬᠠᠩᠭᠠᠨ᠎ᠠ᠃      3.ᠰᠠᠶᠢᠨ ᠳᠤᠷ᠎ᠠ ᠶᠢᠨ ᠠᠵᠢᠯᠯᠠᠭᠴᠢ ᠬᠡᠷᠡᠭᠯᠡᠬᠦ ᠨᠢᠭᠡᠴᠡ ᠶᠢᠨ ᠲᠤᠬᠢᠷᠠᠭᠤᠯᠤᠯᠳᠠ ᠪᠠᠶᠢᠷᠢᠯᠠᠭᠤᠯᠤᠯᠳᠠ ᠶᠢ ᠲᠠᠭᠠᠬᠤ ᠭᠡᠷᠡᠭᠳᠡᠢ᠂ ᠳᠤᠷ᠎ᠠ ᠵᠤᠷᠢᠭ ᠢᠶᠠᠷ ᠢᠶᠠᠨ ᠬᠢᠵᠦ ᠦᠢᠯᠡᠳᠴᠦ ᠪᠤᠯᠬᠤ ᠦᠬᠡᠢ᠃      4. ᠲᠤᠭᠳᠠᠭᠰᠠᠨ ᠠᠮᠠᠯᠠᠯᠲᠠ ᠪᠠᠨ ᠭᠦᠢᠴᠡᠳᠬᠡᠵᠦ᠂   ᠦᠢᠯᠡᠴᠢᠯᠡᠭᠡᠨ ᠤ ᠤᠶᠢᠯᠠᠭᠠᠭᠳᠠᠬᠤᠨ ᠢ ᠤᠯᠠᠮᠵᠢᠯᠠᠵᠤ ᠂ ᠦᠢᠯᠡᠴᠢᠯᠡᠭᠡᠨ ᠤ ᠠᠵᠢᠯ ᠡᠭᠦᠷᠭᠡ ᠶᠢ ᠪᠡᠶᠡᠯᠡᠬᠦᠯᠦᠨ᠎ᠡ᠃      5.ᠰᠠᠶᠢᠨ  ᠲᠤᠷᠠᠳᠠᠨ ᠤ ᠳᠦᠷᠢ ᠲᠥᠷᠬᠦ ᠶᠢ ᠬᠠᠮᠠᠭᠠᠯᠠᠵᠤ᠂ ᠦᠢᠯᠡᠴᠢᠯᠡᠬᠦ  ᠨᠢᠭᠤᠷᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃      6.ᠰᠠᠶᠢᠨ ᠲᠤᠷᠠᠳᠠᠨ ᠤ ᠨᠡᠷ᠎ᠡ ᠪᠠᠷ ᠶᠠᠮᠠᠷᠪᠠ ᠠᠰᠢᠭ ᠬᠤᠨᠵᠢᠪᠤᠷᠢ ᠶᠢᠨ ᠠᠵᠢᠯᠯᠠᠭ᠎ᠠ ᠪᠤᠶᠤ ᠨᠡᠶᠢᠭᠡᠮ ᠨᠡᠶᠢᠲᠡ ᠶᠢᠨ ᠶᠣᠰᠣ ᠮᠣᠷᠠᠯ ᠠᠴᠠ ᠵᠥᠷᠢᠴᠡᠭᠰᠡᠨ ᠪᠤᠰᠤᠳ ᠠᠵᠢᠯᠯᠠᠭ᠎ᠠ ᠬᠢᠬᠦ ᠶᠢ ᠡᠰᠡᠷᠭᠦᠴᠡᠨ ᠬᠤᠷᠢᠭᠯᠠᠨ᠎ᠠ᠃      7. ᠰᠠᠶᠢᠨ ᠳᠤᠷ᠎ᠠ ᠶᠢᠨ ᠦᠢᠯᠡᠴᠢᠯᠡᠭᠡᠨ ᠤ ᠦᠨᠡᠮᠯᠡᠯ ᠲᠡᠮᠳᠡᠭ ᠢᠶᠠᠨ ᠵᠤᠬᠢᠰᠳᠠᠢ ᠭᠡᠷᠡᠭᠯᠡᠵᠦ ᠬᠢᠴᠢᠶᠡᠩᠬᠦᠢ ᠬᠠᠳᠠᠭᠠᠯᠠᠨ᠎ᠠ᠃      ᠳᠣᠯᠤᠭ᠎ᠠ᠂ ᠰᠠᠶᠢᠨ ᠳᠤᠷ᠎ᠠ ᠶᠢᠨ ᠠᠵᠢᠯᠯᠠᠭᠴᠢ ᠶᠢᠨ ᠡᠷᠭᠡ ᠠᠰᠢᠭ ᠢ ᠬᠠᠮᠠᠭᠠᠯᠠᠬᠤ     1.  ᠡᠯᠰᠡᠬᠦ ᠨᠥᠬᠦᠴᠡᠯ ᠳᠤ ᠨᠡᠶᠢᠴᠡᠵᠦ᠂ ᠠᠵᠢᠯ ᠡᠭᠦᠷᠭᠡ ᠪᠠᠨ ᠰᠠᠶᠢᠨ ᠭᠦᠢᠴᠡᠳᠬᠡᠭᠰᠡᠨ ᠪᠤᠯ ᠲᠠᠶᠢᠹᠤᠰᠧ ᠬᠤᠰᠢᠭᠤᠨ ᠤ ᠵᠠᠯᠠᠭᠤ ᠰᠠᠶᠢᠨ ᠲᠤᠷᠠᠳᠠᠳ ᠤᠨ ᠨᠡᠶᠢᠭᠡᠮᠯᠢᠭ ᠲᠤ ᠭᠡᠰᠢᠭᠦᠨ ᠢᠶᠠᠷ ᠡᠯᠰᠡᠵᠦ᠂ ᠬᠠᠮᠢᠶ᠎ᠠ ᠪᠦᠬᠦᠢ ᠤᠷᠮᠠᠰᠢᠭᠤᠯᠤᠨ ᠵᠤᠷᠢᠬᠵᠢᠭᠤᠯᠬᠤ ᠠᠷᠭ᠎ᠠ ᠲᠦᠷᠢᠮ ᠢ ᠭᠡᠷᠡᠭᠵᠢᠬᠦᠯᠦᠨ᠎ᠡ᠃      2. ᠰᠠᠶᠢᠨ ᠳᠤᠷ᠎ᠠ ᠶᠢᠨ ᠦᠢᠯᠡᠴᠢᠯᠡᠭᠡᠨ ᠤ ᠪᠣᠳᠠᠲᠠᠢ ᠬᠡᠷᠡᠭᠴᠡᠭᠡ ᠶᠢ ᠦᠨᠳᠦᠰᠦᠯᠡᠨ᠂ ᠰᠠᠶᠢᠨ ᠳᠤᠷ᠎ᠠ ᠶᠢᠨ ᠦᠢᠯᠡᠴᠢᠯᠡᠭᠡ ᠳᠤ ᠬᠡᠷᠡᠭᠰᠡᠬᠦ ᠮᠡᠳᠡᠯᠭᠡ ᠴᠢᠳᠠᠪᠤᠷᠢ ᠶᠢᠨ ᠪᠣᠯᠪᠠᠰᠤᠷᠠᠯ ᠢ ᠬᠦᠷᠳᠡᠭᠡᠨ᠎ᠡ᠃      3. ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠭᠠᠳ ᠰᠠᠨᠠᠭᠠᠨ ᠳᠤ ᠦᠭᠡᠢ ᠰᠢᠷᠬᠠᠲᠤᠯ ᠳᠤ ᠤᠴᠠᠷᠠᠭᠰᠠᠨ ᠦᠶ᠎ᠡ ᠳᠤ  ᠵᠤᠬᠢᠰᠳᠠᠢ ᠲᠤᠰᠠᠯᠠᠮᠵᠢ ᠬᠦᠷᠳᠡᠭᠡᠨ᠎ᠡ᠃      4.  ᠰᠠᠶᠢᠨ ᠲᠤᠷ᠎ᠠ ᠶᠢᠨ ᠠᠵᠢᠯᠯᠠᠭᠴᠢ ᠭᠡᠷᠡᠭᠯᠡᠭᠰᠡᠨ ᠨᠢᠭᠡᠴᠡ ᠨᠢ ᠡᠳ᠋ ᠪᠣᠳᠠᠰ᠂ ᠵᠡᠮ ᠬᠠᠷᠢᠯᠴᠠᠭ᠎ᠠ ᠵᠡᠷᠭᠡ ᠲᠠᠯ᠎ᠠ ᠶᠢᠨ ᠴᠢᠬᠤᠯᠠᠳᠠᠢ ᠪᠠᠲᠤᠯᠠᠭ᠎ᠠ ᠶᠢ ᠬᠠᠩᠭᠠᠨ᠎ᠠ᠃      5. ᠤᠬᠠᠭᠤᠯᠬᠤ ᠬᠡᠯᠲᠡᠰ᠂ ᠡᠪᠯᠡᠯ ᠤᠨ ᠬᠤᠷᠢᠶ᠎ᠠ ᠠᠴᠠ ᠰᠠᠶᠢᠨ ᠳᠤᠷ᠎ᠠ ᠶᠢᠨ ᠦᠢᠯᠡᠴᠢᠯᠡᠭᠡ ᠳᠤ ᠤᠷᠤᠯᠴᠠᠭᠰᠠᠨ ᠭᠡᠷᠡᠴᠢ ᠲᠡᠮᠳᠡᠭ ᠢ  ᠭᠠᠷᠭᠠᠵᠤ ᠦᠭᠬᠦᠨ᠎ᠡ᠃      6. ᠠᠵᠢᠯ ᠳᠠᠭᠠᠨ ᠲᠣᠪᠣᠶᠢᠮ᠎ᠠ ᠢᠯᠡᠷᠡᠯ ᠲᠠᠢ ᠬᠥᠮᠥᠰ ᠢ ᠬᠥᠬᠢᠭᠦᠯᠦᠨ ᠱᠠᠩᠨᠠᠬᠤ ᠶᠢᠨ ᠬᠠᠮᠲᠤ ᠪᠥᠬᠦ ᠬᠤᠰᠢᠭᠤᠨ ᠤ ᠡᠯ᠎ᠡ ᠲᠥᠷᠥᠯ ᠤᠨ ᠰᠠᠶᠢᠴᠤᠤᠯ ᠢ ᠰᠢᠯᠭᠠᠷᠠᠭᠤᠯᠬᠤ ᠦᠶᠡᠰ ᠤᠷᠢᠳᠠᠪᠠᠷ ᠪᠣᠳᠣᠯᠬᠢᠯᠠᠨ᠎ᠠ᠃      ᠨᠠᠢᠮᠠ᠂ ᠨᠡᠷ᠎ᠡ ᠮᠡᠳᠡᠭᠦᠯᠬᠦ ᠠᠷᠭ᠎ᠠ      ᠨᠡᠷ᠎ᠡ ᠮᠡᠳᠡᠭᠦᠯᠦᠭᠰᠡᠨ ᠤ ᠳᠠᠷᠠᠭ᠎ᠠ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠸᠢᠴᠠᠲ ᠤᠨ ᠴᠤᠭᠯᠠᠷᠠᠯ ᠳᠤ ᠺᠣᠳ᠋ ᠰᠢᠷᠪᠢᠵᠦ ᠤᠷᠤᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号