ᠡᠨᠡ 5 ᠵᠦᠢᠯ ᠤᠨ ᠠᠮᠠᠪᠴᠢ ᠯᠡ ᠰᠠᠶ᠋ᠢ ᠬᠢᠵᠢᠭ ᠢ ᠰᠡᠷᠭᠡᠶᠢᠯᠡᠵᠦ ᠴᠢᠳᠠᠨ᠎ᠠ
ᠨᠡᠶᠢᠲᠡᠯᠡᠭᠰᠡᠨ ᠴᠠᠭ᠄
2022/5/25
   ᠬᠢᠵᠢᠭ ᠥᠷᠪᠢᠰᠦᠨ ᠳᠡᠯᠭᠡᠷᠡᠵᠦ ᠪᠠᠶᠢᠭ᠎ᠠ ᠡᠨᠡ ᠴᠠᠭ ᠦᠶ᠎ᠡ ᠳᠤ ᠠᠮᠠᠪᠴᠢ ᠨᠢ ᠬᠦᠮᠦᠰ ᠤᠨ ᠬᠡᠷᠡᠭᠯᠡᠭᠡᠨ ᠤ ᠳᠤᠲᠠᠭᠳᠠᠵᠤ ᠪᠣᠯᠣᠰᠢ ᠦᠭᠡᠢ ᠡᠳ᠋ ᠪᠠᠷᠠᠭ᠎ᠠ ᠪᠣᠯᠵᠠᠢ᠃ ᠵᠠᠬ᠎ᠠ ᠳᠡᠯᠭᠡᠭᠦᠷ ᠲᠤ ᠣᠳᠤ ᠵᠦᠢᠯ ᠪᠦᠷᠢ ᠶᠢᠨ ᠥᠩᠭᠡ᠂ ᠬᠡ ᠬᠤᠸᠠᠷ ᠲᠠᠢ ᠠᠮᠠᠪᠴᠢ ᠪᠣᠷᠣᠯᠠᠭᠤᠯᠤᠭᠳᠠᠵᠤ ᠬᠡᠷᠡᠭᠯᠡᠭᠴᠢᠦᠨ ᠤᠨ ᠰᠣᠩᠭᠤᠯᠲᠠ ᠣᠯᠠᠨ ᠪᠣᠯᠵᠠᠢ᠃ ᠬᠦᠮᠦᠰ ᠤᠨ ᠬᠡᠷᠡᠭᠴᠡᠭᠡ ᠱᠠᠭᠠᠷᠳᠠᠯᠭ᠎ᠠ᠂ ᠳᠤᠷ᠎ᠠ ᠰᠣᠨᠢᠷᠬᠠᠯ ᠠᠴᠠ ᠪᠣᠯᠵᠤ ᠠᠮᠠᠪᠴᠢ ᠨᠢ ᠣᠯᠠᠨ ᠲᠥᠷᠥᠯᠵᠢᠭᠰᠡᠨ ᠴᠤ ᠬᠠᠮᠤᠭ ᠤᠨ ᠴᠢᠬᠤᠯᠠ ᠨᠢ ᠲᠡᠭᠦᠨ ᠤ ᠬᠢᠵᠢᠭ ᠢ ᠰᠡᠷᠭᠡᠶᠢᠯᠡᠬᠦ ᠴᠢᠳᠠᠪᠬᠢ ᠨᠢ ᠺᠣᠳ᠋ ᠤᠨ ᠰᠢᠯᠭᠠᠯᠲᠠ ᠪᠠᠷ ᠯᠡ ᠲᠣᠭᠲᠠᠭᠠᠭᠳᠠᠬᠤ ᠶᠤᠮ᠃ ᠺᠤᠳ᠋ ᠢᠶᠠᠷ ᠰᠢᠯᠭᠠᠭᠰᠠᠨ ᠤ ᠳ᠋ᠦᠩ ᠳᠤ᠂ ᠡᠮᠴᠢᠯᠡᠭᠡᠨ ᠳᠤ ᠬᠡᠷᠡᠭᠯᠡᠵᠦ ᠪᠠᠶᠢᠭ᠎ᠠ ᠰᠡᠷᠭᠡᠶᠢᠯᠡᠨ ᠬᠠᠮᠠᠭᠠᠯᠠᠬᠤ ᠳᠤ ᠵᠣᠷᠢᠭᠤᠯᠤᠭᠰᠠᠨ GB190832010 ᠨᠣᠮᠧᠷ ᠲᠠᠢ ᠠᠮᠠᠪᠴᠢ᠂ ᠡᠮᠴᠢᠯᠡᠭᠡᠨ ᠤ ᠭᠠᠳᠠᠷ ᠰᠠᠯᠠᠭᠠᠨ ᠳᠤ ᠬᠡᠷᠡᠭᠯᠡᠵᠦ ᠪᠠᠶᠢᠭ᠎ᠠ YY04692011 ᠨᠣᠮᠧᠷ ᠲᠠᠢ ᠠᠮᠠᠪᠴᠢ᠂ ᠨᠢᠭᠡᠯᠡ ᠤᠳᠠᠭᠠᠨ ᠤ ᠡᠮᠴᠢᠯᠡᠭᠡᠨ ᠳᠤ ᠬᠡᠷᠡᠭᠯᠡᠳᠡᠭ YY/T09692013 ᠨᠣᠮᠧᠷ ᠲᠠᠢ ᠠᠮᠠᠪᠴᠢ᠂ ᠡᠳᠦᠷ ᠲᠤᠲᠤᠮ ᠤᠨ ᠰᠡᠷᠭᠡᠶᠢᠯᠡᠨ ᠬᠠᠮᠠᠭᠠᠯᠠᠬᠤ ᠳᠤ ᠵᠣᠷᠢᠭᠤᠯᠤᠭᠰᠠᠨ GB/T326102016 ᠨᠣᠮᠧᠷ ᠲᠠᠢ ᠠᠮᠠᠪᠴᠢ᠂ ᠬᠡᠦᠬᠡᠦᠨ ᠲᠤ ᠵᠣᠷᠢᠭᠤᠯᠤᠭᠰᠠᠨ ᠰᠡᠷᠭᠡᠶᠢᠯᠡᠨ ᠬᠠᠮᠠᠭᠠᠯᠠᠬᠤ ᠴᠢᠳᠠᠪᠬᠢ ᠲᠠᠢ GB/T388802020 ᠨᠣᠮᠧᠷ ᠲᠠᠢ ᠠᠮᠠᠪᠴᠢ ᠵᠡᠷᠭᠡ 5 ᠵᠦᠢᠯ ᠤᠨ ᠠᠮᠠᠪᠴᠢ ᠯᠡ ᠰᠠᠶ᠋ᠢ ᠬᠢᠵᠢᠭ ᠢ ᠰᠡᠷᠭᠡᠶᠢᠯᠡᠵᠦ ᠴᠢᠳᠠᠬᠤ ᠶᠤᠮ ᠪᠠᠶᠢᠨ᠎ᠠ᠃ ᠲᠠᠨᠠᠷ ᠡᠳᠡᠭᠡᠷ ᠠᠮᠠᠪᠴᠢ ᠶᠢᠨ ᠺᠣᠳ᠋ ᠤᠨ ᠳ᠋ᠤᠭᠠᠷ ᠢ ᠰᠠᠶᠢᠨ ᠴᠡᠭᠡᠵᠢᠯᠡᠵᠦ ᠠᠪᠤᠭᠠᠷᠠᠢ︕    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号