ᠨᠠᠰᠤᠳᠠᠶᠢᠴᠤᠳ ᠢ ᠮᠡᠬᠡᠯᠡᠬᠦ ᠬᠠᠤᠯᠢ ᠪᠤᠰᠤ ᠠᠵᠢᠯᠯᠠᠭᠠᠨ ᠤ ᠰᠦᠪᠡᠭᠴᠢ ᠴᠤᠭᠯᠠᠭᠤᠯᠬᠤ ᠵᠠᠷᠯᠠᠯ
ᠨᠡᠶᠢᠲᠡᠯᠡᠭᠰᠡᠨ ᠴᠠᠭ᠄
2022/5/27
  ᠨᠠᠰᠤᠳᠠᠶᠢᠴᠤᠳ ᠢ ᠮᠡᠬᠡᠯᠡᠬᠦ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭᠠᠨ ᠤ ᠦᠨᠡᠨ ᠪᠣᠳᠠᠲᠠᠢ ᠦᠷ᠎ᠡ ᠪᠦᠲᠦᠮᠵᠢ ᠶᠢ ᠣᠯᠬᠤ ᠶᠢᠨ ᠲᠥᠯᠥᠭᠡ᠂ ᠲᠤᠰᠬᠠᠢ  ᠴᠡᠭᠴᠡᠯᠡᠯᠳᠡ ᠶᠢᠨ ᠠᠵᠢᠯ ᠤᠨ  ᠪᠠᠶᠢᠷᠢᠯᠠᠭᠤᠯᠤᠯᠳᠠ ᠶᠢ ᠦᠨᠳᠦᠰᠦᠯᠡᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠨᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠪᠥᠬᠦ ᠬᠤᠰᠢᠭᠤᠨ ᠤ ᠨᠠᠰᠤᠳᠠᠶᠢᠴᠤᠳ ᠢ ᠮᠡᠬᠡᠯᠡᠬᠦ ᠳᠤ ᠬᠤᠯᠪᠣᠭᠳᠠᠭᠰᠠᠨ ᠠᠰᠠᠭᠤᠳᠠᠯ ᠤᠨ ᠰᠦᠪᠡᠭᠴᠢ ᠶᠢ ᠴᠤᠭᠯᠠᠭᠤᠯᠬᠤ ᠪᠠᠷ ᠪᠤᠯᠪᠠ᠃    ᠨᠢᠭᠡ᠂ ᠰᠦᠪᠡᠭᠴᠢ ᠴᠤᠭᠯᠠᠭᠤᠯᠬᠤ ᠴᠠᠭ    ᠵᠠᠷᠯᠠᠯ ᠨᠡᠶᠢᠲᠡᠯᠡᠭᠰᠡᠨ ᠡᠳᠦᠷ ᠠᠴᠠ ᠡᠬᠢᠯᠡᠭᠡᠳ 2022 ᠣᠨ ᠤ 9 ᠰᠠᠷ᠎ᠠ ᠶᠢᠨ 30 ᠤ ᠡᠳᠦᠷ ᠪᠣᠯᠲᠠᠯ᠎ᠠ᠃    ᠬᠤᠶᠠᠷ᠂ ᠰᠦᠪᠡᠭᠴᠢ ᠴᠤᠭᠯᠠᠭᠤᠯᠬᠤ ᠬᠡᠪᠴᠢᠶ᠎ᠡ   1. ᠨᠠᠰᠤᠲᠠᠶᠢᠴᠤᠳ ᠲᠤ ᠬᠤᠯᠪᠣᠭᠳᠠᠭᠰᠠᠨ ︽ᠢᠳᠡᠭᠡᠨ ᠤ ᠵᠦᠢᠯ︾ ︽ᠡᠷᠡᠭᠦᠯᠵᠢᠯ ᠤᠨ ᠡᠳ᠋︾ ︽ᠡᠮᠴᠢᠯᠡᠭᠡᠨ ᠤ ᠬᠡᠷᠡᠭᠰᠡᠯ︾ ᠵᠡᠷᠭᠡ ᠬᠦᠷᠢᠶᠡᠨ ᠳᠠᠬᠢ ᠦᠢᠯᠡᠳᠪᠦᠷᠢᠯᠡᠯ ᠡᠵᠡᠩᠨᠡᠯᠲᠡ ᠶᠢᠨ ᠲᠠᠯ᠎ᠠ ᠶᠢᠨ ᠠᠰᠠᠭᠤᠳᠠᠯ᠂ ᠭᠤᠣᠯᠳᠠᠭᠤ ᠬᠠᠤᠯᠢ ᠪᠤᠰᠤ ᠪᠠᠷ ᠨᠡᠮᠡᠯᠲᠡ ᠡᠳ᠋ ᠨᠡᠮᠡᠭᠰᠡᠨ᠂ ᠳᠠᠩᠰᠠᠯᠠᠭᠤᠯᠬᠤ ᠱᠠᠭᠠᠷᠳᠠᠯᠭ᠎ᠠ ᠶᠢ ᠵᠦᠷᠢᠴᠡᠵᠦ ᠡᠷᠡᠭᠦᠯᠵᠢᠯ ᠤᠨ ᠢᠳᠡᠭᠡᠨ ᠦᠢᠯᠡᠳᠪᠦᠷᠢᠯᠡᠭᠰᠡᠨ ᠵᠢᠴᠢ ᠶᠠᠰᠤ ᠴᠢᠨᠠᠷ ᠨᠢ ᠬᠢᠷᠢ ᠲᠡᠩᠴᠡᠭᠦ ᠦᠭᠡᠢ ᠡᠷᠡᠭᠦᠯᠵᠢᠯ ᠤᠨ ᠡᠳ᠋ ᠂ ᠡᠮᠴᠢᠯᠡᠭᠡᠨ ᠤ  ᠬᠡᠷᠡᠭᠰᠡᠯ ᠢ ᠦᠢᠯᠡᠳᠴᠦ ᠪᠣᠷᠣᠯᠠᠭᠤᠯᠤᠭᠰᠠᠨ ᠦᠶᠯᠡ ᠠᠵᠢᠯᠯᠠᠭ᠎ᠠ᠃   2. ᠨᠠᠰᠤᠲᠠᠶᠢᠴᠤᠳ ᠲᠤ ᠬᠤᠯᠪᠣᠭᠳᠠᠭᠰᠠᠨ ︽ᠢᠳᠡᠭᠡᠨ ᠤ ᠵᠦᠢᠯ︾ ︽ᠡᠷᠡᠭᠦᠯᠵᠢᠯ ᠤᠨ ᠡᠳ᠋︾ ︽ᠡᠮᠴᠢᠯᠡᠭᠡᠨ ᠤ ᠬᠡᠷᠡᠭᠰᠡᠯ︾ ᠤᠨ ᠬᠠᠮᠢᠶᠠᠳᠠᠢ ᠬᠠᠤᠯᠢ  ᠪᠤᠰᠤ ᠵᠠᠷ ᠮᠡᠳᠡᠭᠡ ᠨᠡᠶᠢᠲᠡᠯᠡᠬᠦ ᠦᠶᠯᠡ ᠠᠵᠢᠯᠯᠠᠭ᠎ᠠ᠃   3. ᠨᠠᠰᠤᠲᠠᠶᠢᠴᠤᠳ ᠲᠤ ᠬᠤᠯᠪᠣᠭᠳᠠᠭᠰᠠᠨ ︽ᠢᠳᠡᠭᠡᠨ ᠤ ᠵᠦᠢᠯ︾ ︽ᠡᠷᠡᠭᠦᠯᠵᠢᠯ ᠤᠨ ᠡᠳ᠋︾ ︽ᠡᠮᠴᠢᠯᠡᠭᠡᠨ ᠤ ᠬᠡᠷᠡᠭᠰᠡᠯ︾ ᠵᠡᠷᠭᠡ ᠶᠢ ᠬᠠᠭᠤᠷᠮᠠᠭᠯᠠᠨ ᠠᠳᠡᠭᠦᠷᠡᠭᠦᠯᠬᠦ ᠠᠷᠭ᠎ᠠ ᠪᠠᠷ ᠤᠬᠠᠭᠤᠯᠤᠨ ᠰᠤᠷᠳᠠᠴᠢᠯᠠᠭᠰᠠᠨ ᠦᠶᠯᠡ ᠠᠵᠢᠯᠯᠠᠭ᠎ᠠ᠃   4. ᠵᠠᠬ᠎ᠠ ᠳᠡᠯᠭᠡᠭᠦᠷ   ᠤᠨ ᠬᠢᠨᠠᠯᠲᠠ ᠬᠠᠮᠢᠶᠠᠷᠤᠯᠲᠠ ᠶᠢᠨ ᠬᠠᠤᠯᠢ  ᠳᠦᠷᠢᠮ ᠠᠴᠠ ᠵᠥᠷᠢᠴᠡᠭᠰᠡᠨ ᠪᠤᠰᠤᠳ ᠬᠠᠮᠢᠶ᠎ᠠ ᠪᠦᠬᠦᠢ ᠠᠰᠠᠭᠤᠳᠠᠯ᠃   ᠭᠤᠷᠪᠠ᠂ ᠠᠩᠬᠠᠷᠬᠤ ᠵᠦᠢᠯ   1. ᠬᠠᠩᠭᠠᠭᠰᠠᠨ ᠰᠦᠪᠡᠭᠴᠢ ᠨᠢ ᠨᠠᠰᠤᠲᠠᠶᠢᠴᠤᠳ ᠲᠤ ᠬᠤᠯᠪᠣᠭᠳᠠᠬᠤ ︽ᠢᠳᠡᠭᠡᠨ ᠤ ᠵᠦᠢᠯ︾ ︽ᠡᠷᠡᠭᠦᠯᠵᠢᠯ ᠤᠨ ᠡᠳ᠋︾ ︽ᠡᠮᠴᠢᠯᠡᠭᠡᠨ ᠤ ᠬᠡᠷᠡᠭᠰᠡᠯ︾ ᠵᠡᠷᠭᠡ ᠯᠦᠭᠡ ᠬᠤᠯᠪᠣᠭ᠎ᠠ ᠲᠠᠢ ᠪᠠᠶᠢᠬᠤ ᠬᠡᠷᠡᠭᠲᠡᠢ᠃   2. ᠪᠠᠶᠢᠴᠠᠭᠠᠨ ᠬᠠᠷᠭᠤᠭᠤᠯᠬᠤ ᠳᠤ ᠲᠥᠬᠦᠮ ᠪᠤᠯᠭᠠᠬᠤ ᠶᠢᠨ ᠲᠤᠰᠠᠳᠠ᠂ ᠨᠡᠷ᠎ᠡ ᠬᠠᠶ᠋ᠢᠭ ᠬᠢᠭᠡᠳ ᠬᠤᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠢᠶᠠᠨ ᠦᠨᠡᠨ ᠮᠦᠨ ᠢᠶᠠᠷ ᠬᠠᠩᠭᠠᠬᠤ ᠭᠡᠷᠡᠭᠳᠡᠢ  ᠃   3. ᠦᠨᠡᠨ ᠠᠴᠠ ᠵᠥᠪ ᠢ ᠡᠷᠢᠬᠦ ᠵᠠᠷᠴᠢᠮ ᠢ  ᠪᠠᠷᠢᠮᠳᠠᠯᠠᠨ᠂ ᠠᠰᠠᠭᠤᠳᠠᠯ ᠢ ᠦᠨᠡᠨ ᠮᠥᠨ ᠢᠶᠠᠷ ᠨᠢ ᠲᠤᠰᠬᠠᠬᠤ ᠭᠡᠷᠡᠭᠳᠡᠢ᠂ ᠬᠤᠳᠠᠯ ᠢᠶᠠᠷ ᠮᠡᠳᠡᠬᠦᠯᠵᠦ ᠪᠤᠰᠤᠳ ᠢ ᠬᠦᠳᠭᠡᠪᠡᠯ ᠵᠤᠬᠢᠬᠤ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ᠃   ᠳᠥᠷᠪᠡ᠂ ᠢᠯᠡᠴᠢᠯᠡᠨ ᠮᠡᠳᠡᠭᠦᠯᠬᠦ ᠠᠷᠭ᠎ᠠ  1. ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠤ ᠨᠠᠰᠤᠳᠠᠶᠢᠴᠤᠳ ᠢ ᠮᠡᠬᠡᠯᠡᠬᠦ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ ᠤᠨ ᠲᠤᠰᠬᠠᠢ ᠤᠳᠤᠷᠢᠳᠬᠤ ᠳᠤᠭᠤᠶᠢᠯᠠᠩ ᠤᠨ ᠬᠠᠷᠢᠯᠴᠠᠬᠤ ᠤᠲᠠᠰᠤ᠄ 0479 ︱ 2265316  ᠃     2. ᠢᠯᠡᠴᠢᠯᠡᠨ ᠮᠡᠳᠡᠭᠦᠯᠬᠦ ᠰᠢᠭᠤᠳ ᠤᠲᠠᠰᠤ᠄ 12345  ᠂  12315  ᠂  0479 ︱ 2265272  ᠃     3. ᠢᠯᠡᠴᠢᠯᠡᠨ ᠮᠡᠳᠡᠭᠦᠯᠬᠦ ᠰᠢᠤᠳᠠᠨ ᠬᠠᠶ᠋ᠢᠭ᠄  ᠪᠤᠤᠴᠠᠩ ᠪᠠᠯᠭᠠᠰᠤᠨ ᠤ ᠯᠢ ᠮᠢᠨ ᠵᠡᠭᠡᠯᠢ ᠳᠤ ᠪᠠᠶᠢᠭ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  tqgsj386287@163.com    ᠢᠯᠡᠴᠢᠯᠡᠨ ᠮᠡᠳᠡᠬᠦᠯᠬᠦ ᠤᠲᠠᠰᠤ ᠶᠢ ᠪᠤᠯ ᠬᠡᠪ ᠤᠨ ᠠᠵᠢᠯᠯᠠᠬᠤ ᠴᠠᠭ ᠲᠤ ᠯᠠ ᠲᠤᠰᠤᠨ᠎ᠠ᠂ ᠪᠤᠰᠤᠳ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠲᠤ ᠴᠠᠭ ᠤᠨ ᠬᠢᠵᠠᠭᠠᠷ ᠪᠠᠶᠢᠬᠤ ᠦᠭᠡᠢ᠃ ᠰᠦᠪᠡᠭᠴᠢ  ᠬᠠᠩᠭᠠᠭᠰᠠᠳ ᠤᠨ ᠨᠢᠭᠤᠴᠠ ᠶᠢ ᠴᠢᠩᠭ᠎ᠠ ᠬᠠᠮᠠᠭᠠᠯᠠᠵᠤ᠂  ᠬᠠᠮᠢᠶ᠎ᠠ ᠪᠦᠬᠦᠢ ᠱᠠᠩᠨᠠᠨ ᠬᠥᠬᠢᠭᠦᠯᠬᠦ ᠠᠷᠭ᠎ᠠ ᠲᠦᠷᠢᠮ ᠳᠤ ᠨᠡᠶᠢᠴᠡᠭᠰᠡᠨ ᠪᠤᠯ  ᠵᠤᠬᠢᠬᠤ ᠱᠠᠩᠨᠠᠯ  ᠵᠤᠷᠢᠬᠵᠢᠭᠤᠯᠤᠯ ᠢ ᠤᠯᠭᠤᠨ᠎ᠠ᠃                                        ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                      2022 ᠣᠨ ᠤ 5 ᠰᠠᠷ᠎ᠠ ᠶᠢᠨ 25 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号