ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ᠠᠵᠢᠯ ᠢ ᠥᠷᠨᠢᠭᠦᠯᠦᠭᠰᠡᠨ ᠠᠴᠠ ᠨᠠᠰᠢ᠂ ᠪᠡᠭᠡᠵᠢᠩ ᠬᠤᠳᠠ | ᠶᠢᠨ ᠴᠠᠩ ᠫᠢᠩ ᠲᠤᠭᠤᠷᠢᠭ ᠤᠨ ᠬᠢᠨ ᠲᠠᠶᠢᠹᠤᠰᠧ ᠬᠤᠰᠢᠭᠤᠨ ᠳᠤ ᠶᠡᠭᠡ ᠬᠡᠮᠵᠢᠶᠡᠨ ᠤ ᠬᠥᠮᠥᠨ ᠤ ᠬᠦᠴᠦ᠂ | ᠡᠳ᠋ ᠤᠨ ᠬᠦᠴᠦ ᠪᠠ ᠪᠣᠳᠠᠰ ᠤᠨ ᠬᠦᠴᠦ ᠣᠷᠣᠭᠤᠯᠵᠤ᠂ ᠠᠵᠤ ᠦᠢᠯᠡᠰ ᠤᠨ ᠬᠥᠭᠵᠢᠯᠲᠡ᠂ ᠰᠠᠭᠤᠷᠢ | ᠲᠥᠬᠦᠭᠡᠷᠦᠮᠵᠢ ᠶᠢᠨ ᠪᠠᠶᠢᠭᠤᠯᠤᠯᠲᠠ᠂ ᠴᠢᠳᠠᠪᠤᠷᠢᠲᠠᠨ ᠤ ᠰᠣᠯᠢᠯᠴᠠᠭ᠎ᠠ᠂ ᠰᠤᠷᠭᠠᠨ ᠬᠥᠮᠦᠵᠢᠯ ᠡᠮ ᠡᠮᠨᠡᠯᠭᠡ ᠪᠠ | ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠵᠡᠷᠭᠡ ᠲᠠᠯ᠎ᠠ ᠪᠠᠷ ᠬᠦᠴᠦᠳᠡᠢ ᠳᠡᠮᠵᠢᠯᠭᠡ ᠦᠵᠡᠬᠦᠯᠦᠨ᠂ ᠲᠠᠶᠢᠹᠤᠰᠧ | ᠬᠤᠰᠢᠭᠤᠨ ᠤ ᠶᠠᠳᠠᠭᠤ ᠠᠴᠠ ᠠᠩᠭᠢᠵᠢᠷᠠᠬᠤ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠦᠬᠦ ᠬᠤᠰᠢᠭᠤᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠭᠦ ᠬᠦᠴᠦᠨ ᠪᠠ | ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃ ᠣᠳᠣᠬᠠᠨ ᠳᠤ᠂ ᠤᠯᠤᠰ ᠤᠨ ᠳᠣᠲᠣᠭᠠᠳᠤ ᠶᠢᠨ ᠬᠢᠵᠢᠭ ᠤᠨ | ᠪᠠᠶᠢᠳᠠᠯ ᠬᠦᠨᠳᠦ ᠨᠣᠴᠢᠲᠠᠢ ᠪᠥᠭᠡᠳ ᠨᠠᠷᠢᠨ ᠪᠤᠳᠤᠯᠢᠶᠠᠨᠲᠠᠢ ᠪᠠᠶᠢᠵᠤ᠂ ᠪᠡᠭᠡᠵᠢᠩ ᠬᠤᠲᠠ ᠶᠢᠨ ᠴᠠᠩ ᠫᠢᠩ | ᠲᠣᠭᠤᠷᠢᠭ ᠨᠢ ᠴᠤ ᠶᠠᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠨᠣᠴᠢᠲᠠᠢ ᠰᠢᠯᠭᠠᠯᠲᠠ ᠳᠤ | ᠤᠴᠠᠷᠠᠵᠠᠢ᠃ 5 ᠰᠠᠷ᠎ᠠ ᠶᠢᠨ 28 ᠤ ᠡᠳᠦᠷ᠂ 20 ᠲᠦᠮᠡᠨ ᠲᠥᠭᠦᠷᠢᠭ ᠤᠨ ᠭᠡᠷᠡᠭᠯᠡᠭᠡᠨ ᠤ ᠪᠣᠳᠠᠰ ︵22 | ᠲᠣᠨ ᠲᠥᠮᠥᠰᠥ ᠪᠠ 5 ᠲᠣᠨ ᠶᠠᠮᠠ ᠶᠢᠨ ᠲᠣᠰᠣ︶ ᠢ ᠲᠠᠶᠢᠹᠤᠰᠧ ᠬᠤᠰᠢᠭᠤᠨ ᠤ ᠠᠷᠠᠳ ᠲᠦᠮᠡᠨ ᠤ ᠬᠦᠰᠡᠯ | ᠵᠦᠩᠨᠡᠯ ᠲᠠᠢ ᠬᠠᠮᠳᠤ ᠠᠴᠢᠶᠠᠯᠠᠭᠰᠠᠨ ᠲᠤᠮᠤ ᠮᠠᠰᠢᠨ ᠴᠠᠩ ᠫᠢᠩ ᠲᠣᠭᠤᠷᠢᠭ ᠲᠤ ᠠᠮᠤᠷ ᠲᠦᠪᠰᠢᠨ ᠬᠦᠷᠴᠦ | ᠤᠴᠢᠯ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ | ᠳᠠᠷᠤᠭ᠎ᠠ ᠮᠠ ᠷᠦᠢ ᠮᠠᠨ ᠬᠠᠨᠳᠢᠪ ᠬᠦᠷᠭᠡᠬᠦ ᠶᠣᠰᠣᠯᠠᠯ ᠳᠤ ᠣᠷᠣᠯᠴᠠᠵᠤ᠂ ᠲᠠᠶᠢᠹᠤᠰᠧ ᠬᠤᠰᠢᠭᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠬᠠᠯᠠᠮᠵᠢᠯᠠᠯ ᠮᠡᠨᠳᠦᠴᠢᠯᠡᠯ ᠢ ᠳᠠᠮᠵᠢᠭᠤᠯᠤᠭᠰᠠᠨ ᠤ ᠬᠠᠮᠳᠤ᠂ ᠪᠡᠭᠡᠵᠢᠩ ᠬᠤᠲᠠ | ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠪᠠᠶᠢᠷᠢᠯᠠᠭᠤᠯᠤᠯᠲᠠ ᠪᠠ ᠨᠠᠷᠢᠨ ᠨᠢᠭᠲᠠ | ᠲᠣᠬᠢᠷᠠᠭᠤᠯᠤᠯᠲᠠ᠂ ᠴᠠᠩ ᠫᠢᠩ ᠲᠣᠭᠤᠷᠢᠭ ᠤᠨ ᠥᠷᠭᠡᠨ ᠣᠯᠠᠨ ᠺᠠᠳ᠋ᠷ ᠣᠯᠠᠨ ᠲᠦᠮᠡᠨ ᠤ ᠰᠢᠨᠵᠢᠯᠡᠬᠦ ᠤᠬᠠᠭᠠᠨᠴᠢ | ᠰᠡᠷᠭᠡᠶᠢᠯᠡᠯᠲᠡ ᠡᠵᠡᠮᠳᠡᠯ ᠳᠣᠣᠷ᠎ᠠ ᠴᠠᠩ ᠫᠢᠩ ᠲᠣᠭᠤᠷᠢᠭ ᠤᠨ ᠬᠢᠨ ᠡᠨᠡ ᠤᠳᠠᠭᠠᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠳᠠᠶᠢᠨ ᠤ ᠢᠯᠠᠯᠲᠠ ᠶᠢ ᠯᠠᠪᠲᠠᠢ ᠣᠯᠵᠤ ᠴᠢᠳᠠᠨ᠎ᠠ ᠭᠡᠳᠡᠭ ᠲᠤ ᠢᠳᠡᠭᠡᠵᠦ ᠪᠠᠶᠢᠬᠤ ᠪᠠᠨ | ᠢᠯᠡᠷᠬᠡᠶᠢᠯᠡᠵᠡᠢ᠃ |