| ᠠᠵᠤ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠵᠤ᠂ ᠣᠳᠣ ᠦᠶ᠎ᠡ ᠶᠢᠨ ᠠᠵᠤ ᠦᠢᠯᠡᠰ ᠤᠨ ᠳᠡᠰ | ᠳᠠᠪᠬᠤᠷᠭ᠎ᠠ ᠶᠢ ᠳᠡᠭᠡᠭᠰᠢᠯᠡᠭᠦᠯᠦᠨ᠎ᠡ᠃ ᠨᠢᠬᠡ ᠳᠤ᠂ ᠣᠨᠴᠠᠯᠢᠭᠲᠤ ᠲᠠᠷᠢᠶᠠᠯᠠᠩ ᠮᠠᠯ ᠠᠵᠤ ᠠᠬᠤᠶ ᠶᠢ ᠦᠷᠭᠦᠯᠵᠢᠯᠡᠨ | ᠬᠦᠭᠵᠢᠬᠦᠯᠬᠦ ᠭᠡᠷᠡᠭᠳᠡᠢ᠃ 《 ᠲᠠᠷᠢᠶᠠᠯᠠᠩ ᠢᠶᠠᠷ ᠬᠤᠰᠢᠭᠤ ᠪᠠᠨ ᠴᠣᠭᠴᠠᠯᠠᠬᠤ 》 ᠶᠢ ᠪᠠᠷᠢᠮᠲᠠᠯᠠᠨ᠂ ᠲᠠᠷᠢᠶᠠᠨ | ᠭᠠᠵᠠᠷ ᠤᠨ ᠬᠠᠮᠠᠭᠠᠯᠠᠯᠳᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ 《 ᠲᠠᠷᠢᠶᠠᠯᠠᠩ | ᠤᠨ ᠪᠤᠰᠤ ᠪᠣᠯᠭᠠᠬᠤ 》 ᠶᠢ ᠡᠷᠡᠰ ᠬᠤᠷᠢᠭᠯᠠᠨ᠂ ᠲᠠᠷᠢᠶᠠᠨ ᠭᠠᠵᠠᠷ ᠢ 《 ᠠᠮᠤ ᠪᠤᠳᠠᠭᠠᠨ ᠤ ᠪᠤᠰᠤ ᠪᠣᠯᠭᠠᠬᠤ | 》 ᠶᠢ ᠰᠡᠷᠭᠡᠶᠢᠯᠡᠨ ᠬᠤᠷᠢᠭᠯᠠᠨ᠎ᠠ᠃ 《 ᠳᠥᠷᠪᠡᠨ ᠤᠰᠤ ᠳᠥᠷᠪᠡᠨ ᠲᠣᠭᠲᠠᠭᠠᠯ 》 ᠤᠨ ᠱᠠᠭᠠᠷᠳᠠᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢ | ᠬᠡᠷᠡᠭᠵᠢᠭᠦᠯᠦᠨ᠂ ᠤᠰᠤᠯᠢᠭ ᠲᠠᠷᠢᠮᠠᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢ | ᠬᠠᠭᠤᠷᠠᠶ ᠲᠠᠷᠢᠮᠠᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠳᠠ ᠲᠡᠰᠢ ᠬᠤᠪᠢᠷᠠᠭᠤᠯᠬᠤ ᠶᠢ | ᠠᠬᠢᠭᠤᠯᠵᠤ᠂ ᠭᠠᠵᠠᠷ ᠳᠣᠤᠷᠠᠬᠢ ᠤᠰᠤ ᠶᠢ ᠬᠡᠮᠵᠢᠶᠡᠨ ᠠᠴᠠ ᠬᠡᠲᠦᠷᠡᠲᠡᠯ᠎ᠡ ᠭᠡᠷᠡᠭᠯᠡᠬᠦ ᠶᠢ ᠡᠷᠡᠰ ᠬᠤᠷᠢᠭᠯᠠᠨ᠎ᠠ᠃ | ᠲᠠᠷᠢᠵᠤ ᠮᠠᠯᠵᠢᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠠᠭᠤᠷᠢᠨ ᠭᠠᠵᠠᠷ ᠢ ᠰᠢᠯᠢᠳᠡᠭᠵᠢᠭᠦᠯᠦᠨ᠂ ᠬᠡᠯᠬᠢᠶᠡᠰᠦ | ᠶᠢ ᠤᠯᠠᠮ ᠤᠷᠳᠤᠳᠬᠠᠵᠤ᠂ ᠠᠵᠤ ᠦᠢᠯᠡᠰ ᠢ ᠬᠦᠴᠦᠷᠬᠡᠭᠵᠢᠭᠦᠯᠦᠨ᠂ ᠣᠨᠴᠠᠯᠢᠭᠲᠤ ᠲᠠᠷᠢᠶᠠᠯᠠᠩ ᠮᠠᠯ ᠠᠵᠤ ᠠᠬᠤᠢ | ᠶᠢᠨ ᠪᠦᠬᠦ ᠬᠡᠯᠬᠢᠶᠡᠰᠦ ᠶᠢᠨ ᠬᠥᠭᠵᠢᠯᠲᠡ ᠶᠢ ᠠᠬᠢᠭᠤᠯᠤᠨ᠎ᠠ᠃ ᠣᠷᠣᠨ ᠤ ᠲᠡᠰ ᠤᠨ ᠣᠳᠣ ᠦᠶ᠎ᠡ ᠶᠢᠨ ᠲᠠᠷᠢᠶᠠᠯᠠᠩ | ᠤᠨ ᠠᠵᠤ ᠦᠢᠯᠡᠰ ᠤᠨ ᠬᠦᠷᠢᠶᠡᠯᠡᠩ ᠪᠣᠯᠤᠨ ᠣᠳᠣ ᠦᠶ᠎ᠡ ᠶᠢᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ | ᠬᠦᠷᠢᠶᠡᠯᠡᠩ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠤᠯᠤᠰ ᠤᠨ ᠲᠡᠰ ᠤᠨ ᠣᠳᠣ ᠦᠶ᠎ᠡ ᠶᠢᠨ ᠲᠠᠷᠢᠶᠠᠯᠠᠩ ᠤᠨ | ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠮᠠᠯ ᠠᠵᠤ ᠠᠬᠤᠶ ᠶᠢᠨ ᠬᠥᠭᠵᠢᠯᠲᠡ | ᠶᠢᠨ ᠶᠠᠰᠤ ᠴᠢᠨᠠᠷ ᠪᠠ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠠᠶᠢᠨ ᠡᠭᠦᠯᠳᠡᠷ ᠤᠨ ᠮᠢᠬᠠᠨ ᠤ | ᠦᠬᠡᠷ ᠦᠷᠡᠵᠢᠭᠦᠯᠦᠨ ᠪᠣᠶᠢᠵᠢᠭᠤᠯᠬᠤ ᠮᠡᠷᠭᠡᠵᠢᠯ ᠢ ᠰᠠᠶᠢᠵᠢᠷᠠᠭᠤᠯᠤᠨ᠂ ᠮᠢᠩᠭᠠᠨ ᠲᠣᠯᠣᠭᠠᠶ ᠠᠴᠠ ᠳᠡᠭᠡᠭᠰᠢᠬᠢ | ᠮᠢᠬᠠᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠲᠤᠭ᠎ᠠ ᠬᠡᠮᠵᠢᠶ᠎ᠡ ᠶᠢ ᠨᠡᠮᠡᠭᠳᠡᠬᠦᠯᠵᠦ᠂ ᠮᠢᠬᠠᠨ ᠤ | ᠦᠬᠡᠷ ᠲᠡᠵᠢᠭᠡᠨ ᠦᠷᠡᠵᠢᠭᠦᠯᠬᠦ᠂ ᠦᠷᠡᠵᠢᠭᠦᠯᠦᠨ ᠪᠣᠶᠢᠵᠢᠭᠤᠯᠬᠤ᠂ ᠡᠳ᠋ᠰᠢᠬᠦᠯᠦᠨ ᠪᠤᠯᠪᠠᠰᠤᠷᠠᠭᠤᠯᠬᠤ ᠪᠥᠬᠦ ᠠᠵᠤ | ᠦᠶᠯᠡᠰ ᠤᠨ ᠭᠡᠯᠬᠢᠶᠡᠵᠢᠭᠰᠡᠨ ᠬᠥᠭᠵᠢᠯᠲᠡ ᠶᠢ ᠠᠬᠢᠭᠤᠯᠤᠨ᠎ᠠ᠃ 2026 ᠣᠨ ᠪᠣᠯᠬᠤ ᠳᠤ᠂ ᠪᠥᠬᠦ ᠬᠤᠰᠢᠭᠤᠨ ᠤ | ᠮᠢᠬᠠᠨ ᠤᠨ ᠦᠬᠡᠷ ᠤᠨ ᠲᠤᠭ᠎ᠠ ᠲᠤᠯᠤᠭᠠᠢ ᠶᠢ 15 ᠲᠦᠮᠡ ᠳᠤ ᠬᠦᠷᠭᠡᠵᠦ᠂ ᠮᠠᠯ ᠤᠨ ᠲᠤᠭ᠎ᠠ ᠲᠣᠯᠣᠭᠠᠶ ᠶᠢ 35 | ᠲᠦᠮᠡ ᠳᠤ ᠲᠣᠭᠲᠠᠪᠤᠷᠢᠵᠢᠭᠤᠯᠬᠤ ᠪᠠᠷ ᠴᠢᠷᠮᠠᠶᠢᠨ᠎ᠠ᠃ 《 ᠭᠤᠷᠪᠠᠨ ᠪᠦᠲᠦᠭᠡᠭᠳᠡᠬᠦᠨ ᠨᠢᠭᠡ ᠲᠡᠮᠳᠡᠭ 》 ᠢᠶᠠᠷ | ᠰᠢᠯᠭᠠᠨ ᠭᠡᠷᠡᠴᠢᠯᠡᠬᠦᠯᠬᠦ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠲᠠᠶᠢᠹᠤᠰᠧ ᠬᠤᠰᠢᠭᠤ ᠪᠠᠨ ᠤᠯᠤᠰ ᠤᠨ ᠲᠡᠰ ᠤᠨ | ᠣᠷᠭᠠᠨᠢᠭ ᠪᠦᠲᠦᠭᠡᠭᠳᠡᠬᠦᠨ ᠤ ᠵᠢᠱᠢᠶ᠎ᠡ ᠦᠵᠡᠭᠦᠯᠬᠦ ᠤᠷᠤᠨ ᠪᠠ ᠣᠷᠭᠠᠨᠢᠭ ᠪᠦᠲᠦᠭᠡᠭᠳᠡᠬᠦᠨ ᠤ ᠴᠢᠬᠤᠯᠠ | ᠬᠠᠩᠭᠠᠯᠭ᠎ᠠ ᠶᠢᠨ ᠭᠠᠵᠠᠷ ᠪᠤᠯᠭᠠᠵᠤ ᠰᠢᠯᠭᠠᠨ ᠭᠡᠷᠡᠴᠢᠯᠡᠬᠦᠯᠬᠦ ᠪᠠᠷ ᠴᠢᠷᠮᠠᠶᠢᠨ᠎ᠠ᠃ ᠬᠤᠶᠠᠷ ᠲᠤ᠂ ᠰᠢᠨ᠎ᠡ ᠬᠡᠯᠪᠡᠷᠢ | ᠶᠢᠨ ᠠᠵᠤ ᠦᠢᠯᠡᠳᠪᠦᠷᠢ ᠶᠢ ᠪᠤᠵᠠᠭᠠᠶᠢᠷᠠᠭᠤᠯᠤᠨ ᠬᠦᠴᠦᠷᠭᠡᠭᠵᠢᠬᠦᠯᠬᠦ ᠭᠡᠷᠡᠭᠳᠡᠢ᠃ 《 ᠠᠵᠤ ᠦᠶᠯᠡᠳᠪᠦᠷᠢ ᠪᠠᠷ | ᠬᠤᠰᠢᠭᠤ ᠪᠠᠨ ᠬᠦᠴᠦᠷᠬᠡᠭᠵᠢᠭᠦᠯᠬᠦ 》 ᠶᠢ ᠪᠠᠷᠢᠮᠲᠠᠯᠠᠨ᠂ ᠠᠵᠤ ᠦᠶᠯᠡᠳᠪᠦᠷᠢ ᠶᠢᠨ ᠠᠵᠤ ᠦᠶᠯᠡᠰ ᠤᠨ | ᠰᠢᠰᠲ᠋ᠧᠮᠵᠢ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠠᠵᠤ ᠦᠶᠯᠡᠳᠪᠦᠷᠢ ᠶᠢᠨ ᠦᠶᠯᠡᠳᠬᠦᠨ ᠤ ᠶᠡᠷᠦᠩᠬᠡᠶ | ᠥᠷᠲᠡᠭ ᠢ 100 ᠳ᠋ᠦᠩᠰᠢᠭᠤᠷ ᠲᠥᠭᠦᠷᠢᠭ ᠲᠠᠪᠠᠭᠤᠯᠤᠨ᠂ ᠵᠠᠭᠤᠨ ᠳ᠋ᠦᠩᠰᠢᠭᠤᠷ ᠤᠨ ᠪᠣᠬᠢᠷᠲᠤᠯ ᠥᠬᠡᠶ ᠠᠵᠤ | ᠦᠶᠯᠡᠰ ᠤᠨ ᠬᠦᠷᠢᠶᠡᠯᠡᠩ ᠢ ᠪᠠᠶᠢᠭᠤᠯᠬᠤ ᠪᠠᠷ ᠴᠢᠷᠮᠠᠶᠢᠨ᠎ᠠ᠃ ᠲᠤᠨᠤᠭ ᠲᠦᠬᠦᠭᠡᠷᠦᠮᠵᠢ᠂ ᠰᠢᠨ᠎ᠡ ᠡᠨᠧᠷᠭᠢ᠂ ᠰᠢᠨ᠎ᠡ | ᠮᠠᠲ᠋ᠧᠷᠢᠶᠠᠯ᠂ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠣᠭᠤᠷᠢᠨ ᠳᠤ᠂ | ᠪᠡᠭᠡᠵᠢᠩ ᠲᠢᠶᠠᠨᠵᠢᠨ ᠾᠧᠪᠧᠶ ᠵᠢᠴᠢ ᠪᠦᠬᠦ ᠤᠯᠤᠰ ᠤᠨ ᠲᠣᠮᠣ ᠳᠤᠮᠳᠠ ᠬᠡᠯᠪᠡᠷᠢ ᠶᠢᠨ ᠬᠤᠲᠠ ᠳᠤ ᠬᠠᠩᠭᠠᠬᠤ ᠮᠠᠯ | ᠤᠨ ᠠᠰᠢᠭ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠠ ᠭᠠᠷᠭᠠᠯᠳᠠ ᠶᠢᠨ ᠰᠠᠭᠤᠷᠢᠨ ᠭᠠᠵᠠᠷ ᠢ | ᠪᠠᠶᠢᠭᠤᠯᠤᠨ᠎ᠠ᠃ ᠣᠳᠣ ᠪᠠᠶᠢᠭ᠎ᠠ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠪᠴᠢᠶ᠎ᠡ ᠪᠠ ᠮᠡᠷᠭᠡᠵᠢᠯ ᠲᠣᠨᠣᠭᠯᠠᠯ | ᠤᠨ ᠳᠠᠪᠠᠭᠤᠯᠢᠭ ᠢ ᠭᠦᠢᠴᠡᠳ ᠠᠰᠢᠭᠯᠠᠨ᠂ ᠡᠷᠭᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠠᠵᠤ ᠦᠢᠯᠡᠰ ᠤᠨ | ᠬᠤᠷᠰᠢᠯᠴᠠᠭ᠎ᠠ ᠶᠢ ᠴᠢᠩᠭᠠᠳᠬᠠᠵᠤ᠂ ᠪᠡᠭᠡᠵᠢᠩ ᠲᠢᠶᠠᠨᠵᠢᠨ ᠾᠧᠪᠧᠶ ᠵᠢᠴᠢ ᠤᠮᠠᠷᠠᠲᠤ ᠬᠡᠰᠡᠭ ᠤᠨ ᠭᠠᠵᠠᠷ ᠣᠷᠣᠨ ᠢ | ᠨᠥᠯᠥᠭᠡᠯᠡᠨ ᠳᠠᠶᠢᠴᠢᠯᠠᠬᠤ ᠬᠥᠩᠭᠡᠨ ᠠᠵᠤ ᠦᠢᠯᠡᠳᠪᠦᠷᠢ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ | ᠰᠠᠭᠤᠷᠢᠨ ᠭᠠᠵᠠᠷ ᠢ ᠪᠠᠶᠢᠭᠤᠯᠤᠨ᠎ᠠ᠃ ᠤᠯᠤᠰ ᠣᠷᠣᠨ ᠤ ᠴᠡᠪᠡᠷ ᠡᠨᠧᠷᠭᠢ ᠶᠢ ᠵᠣᠷᠢᠭᠵᠢᠭᠤᠯᠤᠨ ᠬᠥᠭᠵᠢᠭᠦᠯᠬᠦ | ᠠᠵᠠ ᠲᠣᠬᠢᠶᠠᠯ ᠢ ᠡᠵᠡᠮᠳᠡᠨ᠂ ᠪᠦᠬᠦ ᠣᠷᠣᠨ ᠪᠦᠬᠦ ᠠᠶᠢᠮᠠᠭ ᠤᠨ ᠠᠵᠤ ᠦᠢᠯᠡᠰ ᠤᠨ ᠵᠠᠬᠢᠶᠠᠯᠠᠭ᠎ᠠ ᠶᠢ ᠬᠦᠯᠢᠶᠡᠨ | ᠠᠪᠴᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠲᠣᠨᠣᠭᠯᠠᠯ ᠤᠨ ᠦᠢᠯᠡᠰ ᠢ ᠪᠤᠵᠠᠭᠠᠶᠢᠷᠠᠭᠤᠯᠤᠨ᠂ | ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠦᠢᠯᠡᠴᠢᠯᠡᠭᠡᠨ ᠤ ᠦᠢᠯᠡᠰ ᠢ ᠬᠥᠭᠵᠢᠭᠦᠯᠦᠨ᠎ᠡ᠃ ᠵᠤᠬᠢᠶᠠᠮᠠᠯ ᠠᠯᠮᠠᠰ ᠤᠨ | ᠲᠥᠷᠥᠯ ᠵᠦᠶᠯ ᠢᠶᠠᠷ ᠲᠤᠯᠬᠤ ᠴᠡᠭ ᠪᠣᠯᠭᠠᠵᠤ᠂ ᠬᠡᠲᠦ ᠬᠠᠲᠠᠭᠤ ᠮᠠᠲ᠋ᠧᠷᠢᠶᠠᠯ ᠤᠨ ᠠᠵᠤ ᠦᠶᠯᠡᠰ ᠤᠨ ᠬᠡᠯᠬᠢᠶ᠎ᠡ ᠶᠢ | ᠠᠮᠢᠳᠤᠯᠢᠬᠵᠢᠭᠤᠯᠤᠨ᠂ 《 ᠳᠤᠮᠳᠠᠳᠤ ᠤᠯᠤᠰ ᠤᠨ ᠤᠮᠠᠷᠠᠲᠤ ᠶᠢᠨ ᠬᠡᠲᠦ ᠬᠠᠲᠠᠭᠤ ᠮᠠᠲ᠋ᠧᠷᠢᠶᠠᠯ ᠤᠨ ᠲᠥᠪ 》 ᠢ | ᠬᠦᠴᠦᠯᠡᠨ ᠪᠠᠶᠢᠭᠤᠯᠤᠨ᠎ᠠ᠃ 《 ᠤᠨᠠᠯᠳᠠ ᠪᠠᠷ ᠠᠮᠵᠢᠯᠳᠠ ᠶᠢ ᠰᠢᠯᠭᠠᠬᠤ 》 ᠶᠢ ᠪᠠᠷᠢᠮᠲᠠᠯᠠᠨ᠂ ᠥᠪᠡᠷᠲᠡᠭᠡᠨ | ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠢ ᠰᠢᠯᠢᠳᠡᠭᠵᠢᠭᠦᠯᠦᠨ | ᠥᠷᠭᠡᠳᠬᠡᠵᠦ ᠳᠡᠰ ᠳᠡᠪᠰᠢᠭᠦᠯᠬᠦ ᠶᠢ ᠠᠬᠢᠭᠤᠯᠤᠨ᠎ᠠ᠃ ᠰᠢᠨᠵᠢᠯᠡᠭᠡ ᠮᠡᠷᠭᠡᠵᠢᠯ ᠤᠨ ᠣᠷᠣᠭᠤᠯᠤᠯᠲᠠ ᠶᠢ ᠣᠯᠠᠨ ᠲᠠᠯ᠎ᠠ | ᠪᠠᠷ ᠨᠡᠮᠡᠭᠳᠡᠬᠦᠯᠦᠨ᠂ ᠰᠢᠨᠵᠢᠯᠡᠭᠡ ᠮᠡᠷᠭᠡᠵᠢᠯ ᠤᠨ ᠬᠡᠯᠪᠡᠷᠢᠳᠦ ᠠᠵᠤ ᠠᠬᠤᠶᠢᠯᠠᠯ ᠢ ᠶᠡᠬᠡᠪᠡᠷ ᠣᠷᠣᠭᠤᠯᠤᠨ ᠠᠪᠴᠢᠷᠠᠵᠤ | ᠂ ᠲᠣᠰ ᠭᠠᠵᠠᠷ ᠣᠷᠣᠨ ᠤ ᠪᠠᠨ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ ᠪᠤᠶᠢᠵᠢᠭᠤᠯᠤᠨ᠂ ᠤᠯᠤᠰ | ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠮᠡᠷᠭᠡᠵᠢᠯ ᠤᠨ ᠭᠤᠤᠯᠯᠠᠭᠴᠢ ᠠᠵᠤ ᠠᠬᠤᠶᠢᠯᠠᠯ ᠢ | ᠡᠭᠦᠳᠦᠨ ᠪᠠᠶᠢᠭᠤᠯᠬᠤ ᠶᠢ ᠵᠣᠷᠢᠭᠵᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ | ᠠᠬᠤᠶᠢᠯᠠᠯ ᠢ 30 ᠠᠴᠠ ᠳᠡᠭᠡᠭᠰᠢ ᠨᠡᠮᠡᠭᠳᠡᠬᠦᠯᠦᠨ᠂ 2 ᠠᠴᠠ ᠳᠡᠭᠡᠭᠰᠢ ᠠᠵᠤ ᠠᠬᠤᠶᠢᠯᠠᠯ ᠢ ᠤᠯᠤᠰ ᠤᠨ ᠭᠤᠤᠯ | ᠵᠠᠬ᠎ᠠ ᠳᠤ ᠭᠠᠷᠭᠠᠬᠤ ᠪᠠᠷ ᠴᠢᠷᠮᠠᠶᠢᠨ᠎ᠠ᠃ ᠭᠤᠷᠪᠠ ᠳᠤ᠂ ᠭᠤᠷᠪᠠᠳᠤᠭᠠᠷ ᠠᠵᠤ ᠦᠢᠯᠡᠰ ᠢ ᠴᠡᠴᠡᠭᠯᠡᠭᠦᠯᠦᠨ | ᠬᠦᠭᠵᠢᠬᠦᠯᠬᠦ ᠭᠡᠷᠡᠭᠳᠡᠢ᠃《 ᠠᠷᠠᠯᠵᠢᠶ᠎ᠠ ᠵᠢᠭᠤᠯᠴᠢᠯᠠᠯ ᠢᠶᠠᠷ ᠬᠤᠰᠢᠭᠤ ᠪᠠᠨ ᠬᠦᠭᠵᠢᠬᠡᠬᠦ 》 ᠶᠢ ᠪᠠᠷᠢᠮᠲᠠᠯᠠᠵᠤ᠂ | ᠬᠠᠭᠠᠨ ᠤ ᠠᠳᠤᠭᠤᠨ ᠰᠣᠶᠣᠯ ᠢ ᠬᠥᠭᠵᠢᠭᠦᠯᠬᠦ ᠪᠠᠷ ᠭᠤᠣᠯ ᠰᠡᠳᠦᠪ ᠪᠣᠯᠭᠠᠨ᠂ ᠰᠣᠶᠣᠯ ᠵᠢᠭᠤᠯᠴᠢᠯᠠᠯ ᠤᠨ ᠡᠬᠢ | ᠪᠠᠶᠠᠯᠢᠭ ᠢ ᠭᠦᠨᠵᠡᠭᠡᠢ ᠠᠭᠤᠳᠠᠯᠠᠵᠤ᠂ ᠣᠷᠣᠨ ᠪᠠᠶᠢᠷᠢ ᠶᠢᠨ ᠳᠠᠪᠠᠭᠤᠯᠢᠭ ᠪᠠ ᠡᠪᠦᠯ ᠤᠨ ᠤᠯᠠᠷᠢᠯ ᠤᠨ ᠣᠯᠢᠮᠫᠢᠺ | ᠤᠨ ᠲᠠᠮᠢᠷ ᠤᠨ ᠴᠤᠭᠯᠠᠭᠠᠨ ᠤ ᠨᠦᠯᠦᠭᠡ ᠶᠢ ᠰᠠᠶᠢᠲᠤᠷ ᠠᠰᠢᠭᠯᠠᠨ᠂ 《 ᠵᠤᠨ ᠤ ᠴᠠᠭ ᠲᠤ ᠲᠠᠯ᠎ᠠ ᠨᠤᠲᠤᠭ ᠢᠶᠠᠷ | ᠲᠤᠭᠤᠷᠢᠭᠤᠯᠤᠨ᠂ ᠡᠪᠦᠯ ᠤᠨ ᠤᠯᠠᠷᠢᠯ ᠳᠤ ᠮᠥᠰᠥ ᠴᠠᠰᠤᠨ ᠲᠡᠭᠡᠷ᠎ᠡ ᠨᠠᠭᠠᠳᠤᠭᠤᠯᠬᠤ 》 ᠠᠵᠢᠯ ᠢ ᠭᠦᠢᠴᠡᠳ | ᠬᠢᠵᠦ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ 《 ᠵᠢᠭᠤᠯᠴᠢᠯᠠᠭᠴᠢᠳ ᠤᠨ ᠴᠤᠭᠯᠠᠭᠠᠨ ᠤ ᠲᠢᠩᠬᠢᠮ 》 ᠢ | ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ ᠣᠨᠴᠠᠯᠢᠭᠲᠤ ᠠᠵᠤ ᠦᠶᠯᠡᠰ ᠲᠤ ᠲᠦᠰᠢᠭᠯᠡᠨ᠂ | ᠪᠡᠶᠡᠴᠢᠯᠡᠨ ᠣᠶᠢᠯᠠᠭᠠᠬᠤ᠂ ᠲᠤᠭᠤᠷᠢᠨ ᠵᠤᠭᠠᠴᠠᠬᠤ ᠪᠠ ᠣᠨᠴᠠᠯᠢᠭᠲᠤ ᠪᠣᠷᠣᠯᠠᠭᠤᠯᠭ᠎ᠠ ᠶᠢ ᠨᠢᠭᠡ | ᠴᠣᠭᠴᠠᠵᠢᠭᠤᠯᠤᠭᠰᠠᠨ ᠠᠮᠢ ᠠᠬᠤᠢ ᠶᠢᠨ ᠵᠢᠭᠤᠯᠴᠢᠯᠠᠯ ᠤᠨ ᠦᠶᠯᠡᠰ ᠢ ᠬᠥᠭᠵᠢᠭᠦᠯᠵᠦ᠂ ᠦᠩᠭᠡ ᠢᠯᠭᠠᠷᠠᠭᠰᠠᠨ | ᠳᠥᠷᠪᠡᠨ ᠤᠯᠠᠷᠢᠯ ᠤᠨ ᠵᠢᠭᠤᠯᠴᠢᠯᠠᠯ ᠢ ᠡᠬᠦᠳᠦᠨ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠰᠦᠷᠦᠭᠵᠢᠭᠰᠡᠨ᠂ | ᠲᠡᠮᠳᠡᠭᠵᠢᠭᠰᠡᠨ ᠬᠦᠭᠵᠢᠯᠳᠡ ᠶᠢ ᠠᠬᠢᠭᠤᠯᠤᠨ᠎ᠠ᠃ ᠵᠠᠮ ᠬᠠᠷᠢᠯᠴᠠᠭ᠎ᠠ ᠣᠷᠣᠨ ᠪᠠᠶᠢᠷᠢ ᠶᠢᠨ ᠳᠠᠪᠠᠭᠤᠯᠢᠭ ᠲᠠᠭᠠᠨ | ᠲᠦᠰᠢᠭᠯᠡᠵᠦ᠂ ᠪᠤᠳᠠᠰ ᠤᠨ ᠭᠦᠶᠯᠭᠡᠭᠡᠨ ᠤ ᠲᠥᠪᠯᠡᠷᠡᠭᠦᠯᠵᠦ ᠲᠠᠷᠬᠠᠭᠠᠬᠤ᠂ ᠬᠥᠮᠥᠷᠭᠡᠯᠡᠨ ᠬᠠᠳᠠᠭᠠᠯᠠᠵᠤ ᠬᠥᠯᠳᠡᠭᠡᠵᠦ | ᠭᠡᠯᠬᠢᠶᠡᠵᠢᠬᠦᠯᠬᠦ᠂ ᠢᠯᠭᠠᠨ ᠰᠠᠯᠭᠠᠵᠤ ᠲᠤᠬᠢᠷᠠᠭᠤᠯᠤᠨ ᠬᠦᠷᠭᠡᠬᠦ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ | ᠦᠶᠯᠡᠳᠪᠦᠷᠢᠯᠡᠯ ᠤᠨ ᠴᠢᠨᠠᠷᠲᠠᠶ ᠦᠶᠯᠡᠴᠢᠯᠡᠭᠡᠨ ᠤ ᠦᠶᠯᠡᠰ ᠢ ᠭᠤᠤᠯᠳᠠᠯᠭ᠎ᠠ ᠲᠠᠢ ᠡᠬᠦᠳᠦᠨ᠎ᠡ᠃ ᠡᠯᠧᠺᠲᠷᠣᠨ | ᠬᠤᠳᠠᠯᠳᠤᠭᠠᠨ ᠤ ᠣᠯᠠᠨ ᠨᠡᠶᠢᠲᠡ ᠶᠢᠨ ᠦᠶᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | ᠣᠷᠣᠨ ᠪᠦᠰᠡ ᠶᠢᠨ ᠴᠢᠨᠠᠷᠲᠠᠶ ᠠᠷᠠᠯᠵᠢᠶ᠎ᠠ ᠭᠦᠶᠯᠭᠡᠭᠡᠨ ᠤ ᠲᠥᠪᠯᠡᠷᠡᠭᠦᠯᠵᠦ ᠲᠠᠷᠬᠠᠭᠠᠬᠤ ᠭᠠᠵᠠᠷ᠂ ᠪᠡᠭᠡᠵᠢᠩ | ᠲᠢᠶᠠᠨᠵᠢᠨ ᠾᠧᠪᠧᠶ ᠶᠢᠨ ᠠᠵᠤ ᠠᠬᠤᠶ ᠶᠢᠨ ᠬᠤᠩᠭᠢᠯ ᠤᠨ ᠪᠤᠳᠠᠰ ᠤᠨ ᠭᠦᠶᠯᠭᠡᠭᠡᠨ ᠤ ᠲᠦᠪᠯᠡᠷᠡᠯ ᠤᠨ ᠴᠡᠭ ᠢ | ᠪᠠᠶᠢᠭᠤᠯᠬᠤ ᠪᠠᠷ ᠴᠢᠷᠮᠠᠶᠢᠨ᠎ᠠ᠃ ᠮᠥᠩᠭᠦᠨ ᠭᠦᠢᠯᠭᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠦᠢᠯᠡᠴᠢᠯᠡᠭᠡᠨ ᠤ | ᠴᠢᠳᠠᠪᠤᠷᠢ ᠶᠢ ᠲᠠᠰᠤᠷᠠᠯᠲᠠ ᠦᠭᠡᠢ ᠴᠢᠩᠭᠠᠷᠠᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ | ᠪᠠ ᠵᠢᠭᠡᠯᠡᠯᠭᠡ ᠶᠢᠨ ᠬᠠᠷᠢᠴᠠᠯ ᠢ 100 % ᠠᠴᠠ ᠳᠠᠪᠠᠭᠤᠯᠤᠨ᠎ᠠ᠃ |