︽ᠬᠠᠮᠠᠭᠠᠯᠠᠯᠳᠠ ᠶᠢᠨ  ᠪᠣᠭᠤᠮᠲᠠ︾ ᠶᠢ ᠴᠢᠩᠭ᠎ᠠ ᠰᠠᠬᠢᠵᠤ ︽ᠰᠡᠷᠭᠡᠶᠢᠯᠡᠯᠲᠡ ᠶᠢᠨ ᠬᠡᠷᠡᠮ︾ ᠢ ᠪᠠᠲᠤ ᠴᠤᠭᠴᠠᠯᠠᠨᠠᠮ
ᠨᠡᠶᠢᠲᠡᠯᠡᠭᠰᠡᠨ ᠴᠠᠭ᠄
2022/5/7
 ᠪᠥᠬᠦ ᠬᠤᠰᠢᠭᠤᠨ ᠤ ᠤᠳᠤᠷᠢᠳᠬᠤ ᠺᠠᠳ᠋ᠷ ᠪᠣᠯᠣᠨ ᠠᠯᠪᠠᠨ ᠠᠵᠢᠯᠳᠠᠳ ᠤᠨ ᠨᠢᠭᠤᠴᠠ ᠶᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 5 ᠤ ᠡᠳᠦᠷ ᠬᠤᠰᠢᠭᠤ ᠨᠠᠮ ᠤᠨ ᠬᠤᠷᠢᠶᠠᠨ ᠤ ᠨᠢᠭᠤᠴᠠ ᠶᠢ ᠬᠠᠮᠠᠭᠠᠯᠠᠬᠤ ᠪᠠ ᠨᠢᠭᠤᠴᠠ ᠴᠢᠬᠤᠯᠠ ᠮᠠᠲ᠋ᠧᠷᠢᠶᠠᠯ ᠤᠨ ᠲᠤᠪᠴᠢᠶᠠᠨ ᠤ ᠬᠠᠮᠢᠶ᠎ᠠ ᠪᠦᠬᠦᠢ  ᠠᠵᠢᠯᠳᠠᠳ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂  ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ  ᠬᠢᠭᠡᠳ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠤᠷᠢᠯᠭ᠎ᠠ ᠪᠠᠷ ᠡᠳᠡᠭᠡᠷ ᠨᠢᠬᠡᠴᠡ ᠳᠤ ᠬᠦᠷᠴᠦ ᠨᠢᠭᠤᠴᠠ ᠶᠢ ᠬᠠᠮᠠᠭᠠᠯᠠᠬᠤ ᠠᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠡᠷᠬᠢᠯᠡᠭᠰᠡᠨ ᠪᠠᠶᠢᠨ᠎ᠠ᠃ ᠪᠣᠯᠪᠠᠰᠤᠷᠠᠯ ᠨᠢ ᠡᠯ᠎ᠡ ᠨᠢᠭᠡᠴᠡ ᠶᠢᠨ ᠨᠢᠭᠤᠴᠠ ᠳᠤ ᠬᠤᠯᠪᠣᠭᠳᠠᠬᠤ ᠬᠥᠮᠥᠰ ᠤᠨ ᠠᠵᠢᠯ ᠤᠨ ᠣᠨᠴᠠᠯᠢᠭ ᠪᠣᠯᠣᠨ ᠠᠵᠢᠯ ᠤᠨ ᠪᠣᠳᠠᠲᠤ ᠪᠠᠶᠢᠳᠠᠯ  ᠲᠠᠢ ᠤᠶᠠᠯᠳᠤᠭᠤᠯᠵᠤ᠂ ᠡᠳᠦᠷ ᠲᠤᠲᠤᠮ ᠤᠨ ᠨᠢᠭᠤᠴᠠ ᠶᠢ ᠬᠠᠮᠠᠭᠠᠯᠠᠬᠤ  ᠠᠵᠢᠯᠯᠠᠭᠠᠨ ᠤ ᠳᠦᠷᠢᠮᠵᠢᠯ ᠲᠠᠢ ᠤᠶᠠᠯᠳᠤᠭᠤᠯᠤᠨ ᠰᠢᠨ᠎ᠡ ᠪᠠᠶᠢᠳᠠᠯ ᠤᠨ ᠳᠣᠣᠷᠠᠬᠢ ᠨᠢᠭᠤᠴᠠ ᠶᠢ ᠬᠠᠮᠠᠭᠠᠯᠠᠬᠤ ᠠᠵᠢᠯ ᠤᠨ ᠴᠢᠬᠤᠯᠠ ᠴᠢᠨᠠᠷ᠂ ᠬᠠᠲᠠᠭᠤ ᠴᠢᠩᠭ᠎ᠠ ᠴᠢᠨᠠᠷ ᠲᠤ ᠪᠦᠬᠦ ᠲᠠᠯ᠎ᠠ ᠶᠢᠨ ᠵᠠᠳᠠᠯᠤᠯᠲᠠ ᠬᠢᠭᠰᠡᠨ ᠤ ᠬᠠᠮᠳᠤ᠂ ᠨᠢᠭᠤᠴᠠ   ᠶᠢ ᠬᠠᠮᠠᠭᠠᠯᠠᠬᠤ ᠦᠨᠳᠦᠰᠦᠨ ᠶᠡᠷᠦ   ᠶᠢᠨ ᠮᠡᠳᠡᠯᠭᠡ᠂ ᠨᠢᠭᠤᠴᠠ ᠳᠤ ᠬᠤᠯᠪᠣᠭᠳᠠᠬᠤ ᠬᠥᠮᠥᠰ ᠪᠣᠯᠣᠨ ᠨᠢᠭᠤᠴᠠ ᠳᠤ ᠬᠤᠯᠪᠣᠭᠳᠠᠬᠤ ᠠᠴᠢᠶᠠᠯᠠᠪᠤᠷᠢ   ᠶᠢᠨ ᠬᠠᠮᠢᠶᠠᠷᠤᠯᠲᠠ᠂ ᠺᠣᠮᠫᠢᠦ᠋ᠲ᠋ᠧᠷ ᠤᠨ ᠮᠡᠳᠡᠭᠡ ᠵᠠᠩᠭᠢ   ᠶᠢᠨ ᠰᠢᠰᠲ᠋ᠧᠮ ᠤᠨ ᠨᠢᠭᠤᠴᠠ   ᠶᠢ ᠵᠠᠳᠠᠷᠠᠭᠤᠯᠬᠤ  ᠠᠶᠤᠯ ᠬᠡᠮ᠂ ᠨᠢᠭᠤᠴᠠ   ᠶᠢ ᠬᠠᠮᠠᠭᠠᠯᠠᠬᠤ ᠬᠠᠤᠯᠢ  ᠲᠦᠷᠢᠮ ᠢ ᠵᠥᠷᠢᠴᠡᠭᠰᠡᠨ ᠬᠠᠷᠢᠭᠤᠴᠠᠯᠭ᠎ᠠ᠂ ︽ᠨᠢᠭᠤᠴᠠ   ᠶᠢ ᠬᠠᠮᠠᠭᠠᠯᠠᠬᠤ ᠬᠠᠤᠯᠢ︾ ᠶᠢᠨ ᠭᠤᠣᠯ  ᠠᠭᠤᠯᠭ᠎ᠠ᠂ ᠵᠠᠰᠠᠭ ᠤᠨ ᠣᠷᠳᠣᠨ ᠤ ᠮᠡᠳᠡᠭᠡ ᠵᠠᠩᠭᠢ ᠢᠯᠡ ᠪᠣᠯᠭᠠᠬᠤ   ᠶᠢ ᠬᠢᠨᠠᠨ ᠪᠠᠶᠢᠴᠠᠭᠠᠬᠤ ᠵᠡᠷᠭᠡ 6 ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ ᠵᠠᠳᠠᠯᠤᠯᠲᠠ ᠪᠠ ᠲᠠᠶᠢᠯᠪᠤᠷᠢᠯᠠᠯᠲᠠ ᠬᠢᠵᠡᠢ᠃ ᠡᠭᠦᠨ ᠤ ᠬᠠᠮᠲᠤ ᠨᠡᠶᠢᠲᠡᠯᠢᠭ ᠬᠡᠷᠡᠭ ᠤᠨ ᠵᠢᠱᠢᠶ᠎ᠡ ᠪᠠ ᠡᠳᠦᠷ ᠲᠤᠲᠤᠮ ᠤᠨ ᠠᠵᠢᠯ ᠤᠨ ᠳᠤᠮᠳᠠ ᠣᠯᠵᠤ ᠮᠡᠳᠡᠭᠰᠡᠨ ᠨᠡᠶᠢᠲᠡᠯᠢᠭ ᠴᠢᠨᠠᠷᠲᠠᠢ ᠠᠰᠠᠭᠤᠳᠠᠯ ᠢᠶᠠᠷ ᠲᠠᠮᠵᠢᠨ᠂ ᠣᠳᠣᠬᠠᠨ ᠤ ᠨᠢᠭᠤᠴᠠ ᠶᠢ ᠬᠠᠮᠠᠭᠠᠯᠠᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠨᠠᠷᠢᠯᠢᠭ ᠣᠨᠣᠴᠠᠲᠠᠢ ᠪᠠᠷ ᠲᠤᠷᠠᠳᠤᠨ ᠭᠠᠷᠭᠠᠵᠤ ᠰᠡᠷᠡᠮᠵᠢᠯᠡᠬᠦᠯᠦᠯ  ᠪᠤᠯᠭᠠᠭᠰᠠᠨ ᠪᠦᠭᠡᠳ ᠨᠢᠭᠤᠴᠠ ᠶᠢ ᠬᠠᠮᠠᠭᠠᠯᠠᠬᠤ ᠬᠥᠮᠦᠵᠢᠯ ᠤᠨ ᠬᠠᠮᠢᠶᠠᠳᠠᠢ ᠸᠢᠳᠢᠤ᠋ ᠶᠢ ᠦᠵᠡᠭᠦᠯᠵᠦ᠂  ᠨᠢᠭᠤᠴᠠ ᠶᠢ ᠬᠠᠮᠠᠭᠠᠯᠠᠬᠤ ᠠᠵᠢᠯ ᠤᠨ ᠴᠢᠬᠤᠯᠠ ᠴᠢᠨᠠᠷ ᠪᠠ ᠨᠢᠭᠤᠴᠠ ᠶᠢ ᠬᠠᠮᠠᠭᠠᠯᠠᠬᠤ ᠪᠠᠶᠢᠳᠠᠯ ᠤᠨ ᠬᠦᠨᠳᠦ ᠨᠣᠴᠢᠲᠠᠢ ᠴᠢᠨᠠᠷ᠂ ᠨᠢᠭᠤᠴᠠ ᠶᠢ ᠬᠠᠮᠠᠭᠠᠯᠠᠬᠤ ᠠᠵᠢᠯ ᠤᠨ ᠳᠤᠮᠳᠠᠬᠢ ᠠᠩᠬᠠᠷᠬᠤ ᠵᠦᠢᠯ ᠪᠠ ᠡᠬᠦᠷᠭᠡ ᠬᠠᠷᠢᠭᠤᠴᠠᠯᠭ᠎ᠠ ᠵᠡᠷᠭᠡ ᠶᠢ ᠨᠠᠩ ᠭᠦᠨᠵᠡᠭᠡᠢ ᠪᠥᠭᠡᠳ ᠪᠥᠬᠦ ᠲᠠᠯ᠎ᠠ ᠪᠠᠷ ᠤᠶᠢᠯᠠᠭᠠᠭᠤᠯᠵᠤ᠂  ᠤᠳᠤᠷᠢᠳᠤᠯᠭ᠎ᠠ ᠪᠠ ᠺᠠᠳ᠋ᠷ ᠠᠵᠢᠯᠳᠠᠳ ᠤᠨ ᠨᠢᠭᠤᠴᠠ ᠶᠢ ᠬᠠᠮᠠᠭᠠᠯᠠᠬᠤ ᠦᠵᠡᠯ ᠤᠬᠠᠮᠰᠠᠷ  ᠢ ᠤᠯᠠᠮ ᠨᠢᠭᠡ ᠠᠯᠬᠤᠮ  ᠴᠢᠩᠭᠠᠳᠬᠠᠵᠠᠢ᠃ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠤᠷᠳᠤᠨ ᠤ ᠠᠯᠪᠠᠨ ᠭᠡᠷ᠂ ᠵᠣᠬᠢᠶᠠᠨ ᠪᠠᠶᠢᠭᠤᠯᠬᠤ ᠬᠡᠯᠲᠡᠰ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠵᠡᠷᠭᠡ ᠰᠠᠯᠠᠭ᠎ᠠ ᠮᠥᠴᠢᠷ ᠨᠢ ᠨᠢᠭᠤᠴᠠ ᠶᠢ ᠬᠠᠮᠠᠭᠠᠯᠠᠬᠤ ᠲᠤᠰᠬᠠᠢ ᠰᠡᠳᠦᠪᠲᠦ ᠪᠣᠯᠪᠠᠰᠤᠷᠠᠯ ᠢ ᠢᠳᠡᠪᠬᠢᠳᠡᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ  ᠪᠤᠯᠭᠠᠬᠤ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号