ᠦᠨᠳᠦᠰᠦᠨ ᠱᠠᠳᠤᠨ ᠳᠤ  ᠬᠦᠨᠵᠡᠬᠡᠶᠢᠷᠡᠵᠦ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠤᠬᠠᠭᠤᠯᠪᠠ
ᠨᠡᠶᠢᠲᠡᠯᠡᠭᠰᠡᠨ ᠴᠠᠭ᠄
2022/5/7
 ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ  ᠨᠠᠶᠢᠳᠠᠪᠤᠷᠢᠵᠢᠭᠤᠯᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠬᠤ ᠶᠢᠨ ᠲᠦᠯᠦᠭᠡ᠂ ᠣᠶᠢᠷ᠎ᠠ  ᠳᠤ ᠲᠠᠶᠢᠹᠤᠰᠧ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠨᠢ ᠭᠠᠴᠠᠭ᠎ᠠ ᠲᠣᠰᠬᠤᠨ ᠳᠤ ᠬᠦᠨᠵᠡᠬᠡᠶᠢᠷᠡᠵᠦ᠂ ︽ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠪᠠᠷ ᠭᠤᠣᠯ ᠰᠡᠳᠦᠪ  ᠪᠤᠯᠭᠠᠭᠰᠠᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ 5 ᠰᠠᠷ᠎ᠠ ᠶᠢᠨ 1 ᠤ ᠡᠳᠦᠷ ᠪᠠ 4 ᠤ ᠡᠳᠦᠷ᠂  ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠠᠵᠢᠯᠲᠠᠳ  ᠬᠦᠨᠪᠤᠯᠠᠭ ᠰᠤᠮᠤᠨ ᠤ ᠪᠤᠮᠪᠠᠨ ᠭᠠᠴᠠᠭ᠎ᠠ᠂  ᠰᠢᠨᠠᠪᠤᠯᠠᠭ ᠭᠠᠴᠠᠭ᠎ᠠ ᠳᠤ ᠭᠦᠨᠵᠡᠭᠡᠶᠢᠷᠡᠵᠦ᠂ ᠭᠠᠴᠠᠭᠠᠨ ᠤ ︽ᠬᠥᠳᠡᠯᠮᠦᠷᠢᠴᠢᠳ ᠤᠨ ᠪᠠᠶᠠᠷ︾ ᠪᠠ ︽ᠵᠠᠯᠠᠭᠤᠴᠤᠳ ᠤᠨ ᠪᠠᠶᠠᠷ︾   ᠢᠶᠠᠨ ᠪᠡᠯᠭᠡᠯᠡᠬᠦ ᠬᠦᠳᠡᠯᠪᠦᠷᠢ ᠠᠵᠢᠯᠯᠠᠭ᠎ᠠ ᠶᠢ ᠲᠤᠬᠢᠶᠠᠯᠳᠤᠭᠤᠯᠤᠨ᠂  ᠠᠬᠤᠢ ᠲᠠᠯᠠᠪᠠᠶ ᠳᠤ ᠤᠬᠠᠭᠤᠯᠤᠨ ᠲᠠᠶᠢᠯᠪᠤᠷᠢᠯᠠᠬᠤ᠂ ᠮᠠᠲ᠋ᠧᠷᠢᠶᠠᠯ ᠲᠠᠷᠬᠠᠭᠠᠬᠤ᠂ ᠪᠢᠴᠢᠭᠡᠰᠦ ᠡᠯᠭᠦᠬᠦ ᠵᠡᠷᠭᠡ ᠠᠷᠭ᠎ᠠ ᠬᠡᠯᠪᠡᠷᠢ ᠪᠠᠷ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠦᠷᠢᠮ ᠤᠨ ᠤᠬᠠᠭᠤᠯᠭ᠎ᠠ ᠬᠢᠵᠦ᠂ ᠮᠠᠯᠴᠢᠨ ᠲᠦᠮᠡᠨ ᠳᠤ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ  ᠲᠤᠬᠠᠢ ᠬᠠᠤᠯᠢ ᠴᠠᠭᠠᠵᠠ ᠲᠦᠷᠢᠮ ᠲᠣᠭᠲᠠᠭᠠᠯ ᠢ ᠲᠠᠶᠢᠯᠪᠤᠷᠢᠯᠠᠨ  ᠂  ᠮᠠᠯᠴᠢᠳ ᠤᠨ ᠠᠰᠠᠭᠤᠵᠤ ᠯᠠᠪᠯᠠᠭᠰᠠᠨ ᠵᠦᠢᠯ ᠳᠤ ᠨᠠᠷᠢᠨ ᠲᠤᠳᠤᠷᠬᠠᠢ ᠬᠠᠷᠢᠭᠤᠯᠲᠠ ᠦᠭᠬᠦᠭᠰᠡᠨ ᠪᠦᠭᠡᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾ ︽ᠦᠨᠳᠦᠰᠦᠲᠡᠨ ᠤ ᠵᠢᠷᠤᠭᠲᠤ ᠰᠡᠳᠬᠦᠯ︾ ᠵᠡᠷᠭᠡ ᠤᠬᠠᠭᠤᠯᠬᠤ ᠮᠠᠲ᠋ᠧᠷᠢᠶᠠᠯ ᠢ 400 ᠭᠠᠷᠤᠢ ᠬᠤᠪᠢ  ᠲᠠᠷᠬᠠᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠢᠨ ᠤᠬᠠᠭᠤᠯᠭ᠎ᠠ ᠶᠢᠨ ᠬᠡᠯᠪᠡᠷᠢ ᠪᠠᠨ ᠰᠢᠨᠡᠴᠢᠯᠡᠨ᠂  ᠤᠳᠬ᠎ᠠ ᠠᠭᠤᠯᠭ᠎ᠠ ᠲᠠᠢ ᠬᠦᠳᠡᠯᠪᠦᠷᠢ ᠠᠵᠢᠯᠯᠠᠭ᠎ᠠ ᠥᠷᠨᠢᠭᠦᠯᠵᠦ᠂ ᠨᠠᠮ ᠤᠨ ᠦᠨᠳᠦᠰᠦᠲᠡᠨ ᠤ ᠣᠨᠣᠯ᠂  ᠦᠨᠳᠦᠰᠦᠳᠡᠨ ᠤ ᠬᠠᠤᠯᠢ ᠲᠦᠷᠢᠮ ᠢ ᠶᠡᠭᠡ ᠪᠠᠷ ᠤᠬᠠᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ︽ᠭᠤᠷᠪᠠᠨ ᠰᠠᠯᠵᠤ ᠴᠢᠳᠠᠰᠢ ᠦᠭᠡᠢ︾ ᠪᠠ ︽ ᠲᠠᠪᠤᠨ ᠮᠡᠳᠡᠷᠡᠬᠦᠢ  ︾ ᠶᠢᠨ ᠦᠵᠡᠯ ᠰᠠᠨᠠᠭ᠎ᠠ ᠶᠢ ᠪᠠᠬᠢᠵᠢᠬᠦᠯᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠦᠵᠡᠯ ᠰᠠᠨᠠᠭᠠᠨ ᠤ ᠰᠠᠭᠤᠷᠢ ᠶᠢ ᠪᠠᠲᠤ ᠴᠤᠭᠴᠠᠯᠠᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠨᠠᠭᠰᠢᠳᠠ ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠤᠨ ᠪᠦᠯᠬᠦᠮᠳᠡᠯ ᠲᠠᠢ᠂ ᠡᠶ᠎ᠡ ᠵᠣᠬᠢᠴᠠᠯ ᠲᠠᠢ᠂ ᠬᠠᠮᠲᠤ ᠪᠠᠷ ᠬᠥᠭᠵᠢᠬᠦ ᠶᠢ ᠲᠠᠰᠤᠷᠠᠯᠲᠠ ᠦᠭᠡᠢ   ᠠᠬᠢᠭᠤᠯᠬᠤ ᠪᠠᠷ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号