ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠣᠳᠣᠬᠠᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ ᠪᠠᠶᠢᠭ᠎ᠠ ᠪᠠᠶᠢᠳᠠᠯ ᠢ ᠵᠠᠳᠠᠯᠵᠥ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠠᠵᠢᠯ ᠢ ᠲᠤᠯᠭᠠᠮ ᠪᠣᠳᠠᠲᠠᠢ ᠠᠳᠬᠤᠬᠤ ᠲᠤᠬᠠᠢ ᠰᠤᠳᠤᠯᠤᠨ ᠪᠠᠶᠢᠷᠢᠯᠠᠭᠤᠯᠪᠠ  ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2022/5/7
  ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 5 ᠤ ᠡᠳᠦᠷ ᠤᠨ ᠴᠠᠬᠢᠯᠭᠠᠨ ᠮᠡᠳᠡᠭᠡ  ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ 5 ᠰᠠᠷ᠎ᠠ ᠶᠢᠨ 5 ᠤ ᠡᠳᠦᠷ ᠬᠤᠷᠠᠯ ᠬᠤᠷᠠᠯᠳᠤᠭᠤᠯᠵᠤ᠂ ᠣᠳᠣᠬᠠᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ ᠪᠠᠶᠢᠭ᠎ᠠ ᠪᠠᠶᠢᠳᠠᠯ ᠢ ᠵᠠᠳᠠᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠠᠵᠢᠯ ᠢ ᠲᠤᠯᠭᠠᠮ ᠪᠣᠳᠠᠲᠠᠢ ᠠᠳᠬᠤᠬᠤ ᠲᠤᠬᠠᠢ ᠰᠤᠳᠤᠯᠤᠨ ᠪᠠᠶᠢᠷᠢᠯᠠᠭᠤᠯᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠠᠢ᠃   ᠬᠤᠷᠠᠯ ᠠᠴᠠ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠭᠦ ᠶᠢ ᠰᠡᠷᠭᠡᠶᠢᠯᠡᠬᠦ ᠶᠢ ᠪᠠᠷᠢᠮᠲᠠᠯᠠᠵᠤ᠂ ᠡᠪᠡᠳᠴᠢᠨ ᠤ ᠵᠢᠱᠢᠶ᠎ᠡ ᠶᠢ ᠦᠬᠡᠢ ᠪᠤᠯᠭᠠᠬᠤ ᠶᠢ ᠪᠠᠷᠢᠮᠲᠠᠯᠠᠵᠤ᠂ ᠴᠠᠭ ᠪᠠ ᠪᠠᠶᠢᠳᠠᠯ ᠢ ᠦᠨᠳᠦᠰᠦᠯᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠲᠠᠰᠤᠷᠠᠯᠲᠠ ᠥᠬᠡᠶ ᠲᠣᠬᠢᠷᠠᠭᠤᠯᠤᠯᠲᠠ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ ᠤᠯᠪᠠ᠃ ᠡᠨᠡ ᠵᠢᠯ ᠤᠨ 3 ᠰᠠᠷ᠎ᠠ ᠠᠴᠠ ᠨᠠᠭᠠᠰᠢ ᠤᠯᠤᠰ ᠳᠠᠶᠠᠭᠠᠷ ᠢᠶᠠᠨ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠮᠥᠷᠥ ᠵᠡᠷᠭᠡᠴᠡᠨ ᠲᠠᠶᠢᠯᠳᠤᠬᠤ ᠪᠠᠷ ᠳᠠᠮᠵᠢᠨ᠂ ᠪᠢᠳᠡ ᠦᠬᠠᠨ ᠢ ᠬᠠᠮᠠᠭᠠᠯᠠᠬᠤ ᠳᠠᠶᠢᠯᠠᠯᠳᠤᠭᠠᠨ ᠠᠴᠠ ᠨᠠᠭᠠᠰᠢᠬᠢ ᠬᠠᠮᠤᠭ ᠤᠨ ᠬᠦᠨᠳᠦ ᠬᠡᠴᠡᠭᠦᠦ ᠰᠡᠷᠭᠡᠶᠢᠯᠡᠨ ᠡᠵᠡᠮᠳᠡᠬᠦ ᠰᠢᠯᠭᠠᠯᠲᠠ ᠶᠢ ᠳᠠᠭᠠᠭᠠᠵᠤ᠂ ᠱᠠᠳᠤᠴᠢ ᠴᠢᠨᠠᠷᠲᠠᠢ ᠦᠷ᠎ᠡ ᠪᠦᠲᠦᠮᠵᠢ ᠤᠯᠪᠠ᠃ ᠮᠠᠨ ᠤ ᠰᠡᠷᠭᠡᠶᠢᠯᠡᠨ ᠡᠵᠡᠮᠳᠡᠬᠦ ᠴᠢᠭᠯᠡᠯᠲᠡ ᠪᠣᠯ ᠨᠠᠮ ᠤᠨ ᠰᠢᠨᠵᠢ ᠴᠢᠨᠠᠷ ᠪᠣᠯᠤᠨ ᠵᠣᠷᠢᠯᠲᠠ ᠠᠴᠠ ᠲᠤᠭᠳᠠᠭᠠᠭᠳᠠᠭᠰᠠᠨ ᠶᠤᠮ᠂ ᠮᠠᠨ ᠤ ᠰᠡᠷᠭᠡᠶᠢᠯᠡᠨ ᠡᠵᠡᠮᠳᠡᠬᠦ ᠲᠦᠷᠦ ᠶᠢᠨ ᠪᠤᠳᠤᠯᠭ᠎ᠠ ᠪᠣᠯ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠤᠮ᠂ ᠮᠠᠨ ᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠣᠯ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠢ ᠶᠤᠮ ᠭᠡᠳᠡᠭ ᠢ ᠦᠢᠯᠡᠳᠦᠯᠭᠡ ᠭᠡᠷᠡᠴᠢᠯᠡᠪᠡ᠃ ᠪᠢᠳᠡ ᠦᠬᠠᠨ ᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠣᠯᠤᠭᠰᠠᠨ ᠪᠥᠭᠡᠳ ᠱᠠᠩᠬᠠᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠯᠠᠪᠲᠠᠢ ᠣᠯᠵᠤ ᠴᠢᠳᠠᠨ᠎ᠠ ᠬᠡᠵᠥ ᠵᠢᠭᠠᠵᠥ ᠭᠠᠷᠭᠠᠪᠠ᠃   ᠬᠤᠷᠠᠯ ᠠᠴᠠ᠂ ᠣᠳᠣᠬᠠᠨ ᠳᠤ ᠪᠥᠬᠦ ᠪᠥᠮᠪᠥᠷᠴᠡᠭ ᠤᠨ ᠬᠢᠵᠢᠭ ᠤᠨ ᠪᠠᠶᠢᠳᠠᠯ ᠮᠥᠨ ᠬᠦ ᠥᠨᠳᠥᠷ ᠪᠠᠶᠢᠷᠢᠨ ᠳᠤ ᠣᠷᠣᠰᠢᠵᠤ᠂ ᠸᠢᠷᠦ᠋ᠰ ᠮᠥᠨ ᠬᠦ ᠲᠠᠰᠤᠷᠠᠯᠲᠠ ᠥᠬᠡᠶ ᠤᠨᠳᠤᠤᠰᠢᠵᠥ᠂ ᠬᠢᠵᠢᠭ ᠤᠨ ᠪᠠᠶᠢᠳᠠᠯ ᠤᠨ ᠡᠴᠦᠰ ᠤᠨ ᠬᠠᠨᠳᠤᠰᠢ ᠳᠤ ᠪᠠᠰᠠ ᠮᠠᠰᠢ ᠶᠡᠭᠡ ᠲᠣᠭᠲᠠᠪᠤᠷᠢ ᠥᠬᠡᠶ ᠴᠢᠨᠠᠷ ᠣᠷᠣᠰᠢᠵᠤ᠂ ᠠᠮᠢᠰᠬᠤᠭ᠎ᠠ ᠠᠪᠬᠤ᠂ ᠠᠮᠠᠷᠠᠵᠥ ᠰᠠᠭᠤᠬᠤ ᠴᠠᠭ ᠪᠣᠯᠲᠠᠯ᠎ᠠ ᠪᠠᠰᠠ ᠵᠠᠮ ᠬᠤᠯᠠ ᠪᠠᠶᠢᠭᠰᠠᠭᠠᠷ ᠶᠤᠮ᠃ ᠮᠠᠨ ᠤ ᠤᠯᠤᠰ ᠪᠣᠯ ᠬᠥᠮᠦᠨ ᠠᠮᠠ ᠣᠯᠠᠨᠲᠠᠢ ᠲᠤᠮᠤ ᠤᠯᠤᠰ ᠮᠥᠨ᠂ ᠨᠠᠰᠤᠵᠢᠬᠰᠡᠨ ᠬᠥᠮᠦᠨ ᠠᠮᠠ ᠤᠯᠠᠨ᠂ ᠭᠠᠵᠠᠷ ᠣᠷᠣᠨ ᠤ ᠬᠥᠭᠵᠢᠯᠲᠡ ᠲᠡᠩᠴᠡᠭᠦᠷᠢ ᠦᠭᠡᠢ᠂ ᠡᠮᠴᠢᠯᠡᠭᠡᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ ᠪᠠᠶᠢᠵᠤ᠂ ᠰᠡᠷᠭᠡᠶᠢᠯᠡᠨ ᠡᠵᠡᠮᠳᠡᠬᠦ ᠪᠠᠨ ᠰᠤᠯᠠᠷᠠᠭᠤᠯᠪᠠᠯ ᠯᠠᠪᠲᠠᠢ ᠶᠡᠭᠡ ᠬᠡᠪᠴᠢᠶᠡᠨ ᠤ ᠬᠥᠮᠦᠰ ᠲᠤ ᠬᠠᠯᠳᠠᠪᠤᠷᠢᠯᠠᠵᠤ᠂ ᠶᠡᠭᠡ ᠬᠡᠮᠵᠢᠶᠡᠨ ᠤ ᠬᠦᠨᠳᠦ ᠡᠪᠡᠳᠴᠢᠨ ᠪᠠ ᠡᠪᠡᠳᠴᠢᠨ ᠢᠶᠠᠷ ᠦᠬᠦᠬᠦ ᠪᠠᠶᠢᠳᠠᠯ ᠭᠠᠷᠴᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ᠂ ᠪᠡᠶ᠎ᠡ ᠮᠠᠬᠠᠪᠣᠳ ᠤᠨ ᠡᠷᠡᠭᠦᠯ ᠮᠡᠨᠳᠦ ᠬᠦᠨᠳᠦ ᠨᠣᠴᠢᠲᠠᠢ ᠨᠥᠯᠥᠭᠡᠯᠡᠭᠳᠡᠬᠦ ᠪᠣᠯᠤᠨ᠎ᠠ᠃ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠭᠯᠡᠯᠲᠡ ᠲᠦᠷᠦ ᠶᠢᠨ ᠪᠤᠳᠤᠯᠭ᠎ᠠ ᠶᠢ ᠭᠦᠨᠵᠡᠭᠡᠢ᠂ ᠪᠦᠷᠢᠨ ᠪᠦᠲᠦᠨ᠂ ᠪᠦᠬᠦ ᠲᠠᠯ᠎ᠠ ᠪᠠᠷ ᠲᠠᠨᠢᠵᠤ᠂ ᠲᠠᠨᠢᠯᠲᠠ ᠬᠦᠷᠦᠯᠴᠡᠬᠦ ᠦᠭᠡᠢ᠂ ᠪᠡᠯᠡᠳᠭᠡᠯ ᠬᠦᠷᠦᠯᠴᠡᠬᠦ ᠦᠭᠡᠢ᠂ ᠠᠵᠢᠯ ᠬᠦᠷᠦᠯᠴᠡᠬᠦ ᠦᠭᠡᠢ ᠵᠡᠷᠭᠡ ᠠᠰᠠᠭᠤᠳᠠᠯ ᠢ ᠡᠷᠡᠰ ᠲᠡᠪᠴᠢᠵᠦ᠂ ᠬᠥᠩᠭᠡᠪᠴᠢᠯᠡᠬᠦ᠂ ᠰᠠᠨᠠᠭᠠᠨ ᠳᠠᠭᠠᠨ ᠠᠪᠬᠤ ᠦᠭᠡᠢ᠂ ᠥᠪᠡᠷ ᠢ ᠪᠠᠨ ᠵᠦᠪᠳᠤᠭᠡᠬᠦ ᠵᠡᠷᠭᠡ ᠦᠵᠡᠯ ᠰᠠᠨᠠᠭ᠎ᠠ ᠶᠢ ᠡᠷᠡᠰ ᠲᠡᠪᠴᠢᠵᠦ᠂ ᠲᠠᠷᠢᠬᠢ ᠲᠣᠯᠣᠭᠠᠢ ᠪᠠᠨ ᠢᠮᠠᠭᠲᠠ ᠰᠡᠷᠭᠡᠭ ᠪᠠᠶᠢᠯᠭᠠᠵᠤ᠂ ︽ᠡᠪᠡᠳᠴᠢᠨ ᠤ ᠵᠢᠱᠢᠶ᠎ᠠ ᠶᠢ ᠦᠭᠡᠢ ᠪᠤᠯᠭᠠᠬᠤ︾ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠮᠠᠨ ᠤ ᠤᠯᠤᠰ ᠤᠨ ᠬᠢᠵᠢᠭ ᠢ ᠰᠡᠷᠭᠡᠶᠢᠯᠡᠬᠦ ᠴᠢᠭᠯᠡᠯᠲᠡ ᠲᠦᠷᠦ ᠶᠢᠨ ᠪᠤᠳᠤᠯᠭ᠎ᠠ ᠶᠢ ᠭᠠᠵᠢᠭᠤᠳᠠᠭᠤᠯᠤᠭᠰᠠᠨ᠂ ᠰᠡᠵᠢᠭᠯᠡᠭᠰᠡᠨ᠂ ᠦᠭᠡᠶᠢᠰᠭᠡᠭᠰᠡᠨ ᠦᠭᠡ ᠶᠠᠷᠢᠶ᠎ᠠ ᠦᠢᠯᠡ ᠠᠵᠢᠯᠯᠠᠭ᠎ᠠ ᠪᠦᠬᠦᠨ ᠲᠠᠢ ᠡᠷᠡᠰ ᠲᠡᠮᠡᠴᠡᠯ ᠬᠢᠬᠦ ᠬᠡᠷᠡᠭᠲᠡᠢ ᠭᠡᠵᠤ ᠴᠢᠬᠤᠯᠠᠴᠢᠯᠠᠪᠠ᠃   ᠬᠤᠷᠠᠯ ᠠᠴᠠ᠂ ᠪᠠᠷᠢᠮᠲᠠᠯᠠᠯ ᠪᠣᠯ ᠢᠯᠠᠯᠲᠠ ᠮᠥᠨ᠃ ᠣᠳᠣᠬᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠶᠠᠭ ︽ᠤᠷᠤᠰᠬᠠᠯ ᠰᠦᠷᠦᠨ ᠣᠩᠭᠤᠴᠠ ᠰᠡᠯᠢᠬᠦ ᠳᠤ ᠤᠷᠤᠭᠰᠢᠯᠠᠬᠤ ᠦᠭᠡᠢ ᠪᠣᠯ ᠲᠦᠯᠬᠢᠭᠳᠡᠨ ᠤᠬᠤᠷᠢᠬᠤ︾ ᠵᠠᠩᠭᠢᠯᠠᠭ᠎ᠠ ᠶᠢᠨ ᠬᠤᠭᠤᠴᠠᠭ᠎ᠠ ᠪᠣᠯᠤᠨ ᠢᠳᠡ ᠠᠪᠬᠤ ᠱᠠᠲᠤᠨ ᠳᠤ ᠣᠷᠣᠰᠢᠵᠤ ᠪᠠᠶᠢᠨ᠎ᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠢᠲᠡᠭᠡᠯ ᠵᠣᠷᠢᠭ ᠢᠶᠠᠨ ᠪᠠᠲᠤᠳᠬᠠᠵᠤ᠂ ᠬᠢᠵᠢᠭ ᠲᠠᠢ ᠲᠡᠮᠡᠴᠡᠬᠦ ᠲᠡᠮᠡᠴᠡᠯ ᠤᠨ ᠪᠤᠳᠤᠯᠢᠶᠠᠨᠲᠤ ᠴᠢᠨᠠᠷ ᠪᠣᠯᠤᠨ ᠪᠡᠷᠬᠡ ᠬᠠᠲᠠᠭᠤᠵᠢᠯᠲᠤ ᠴᠢᠨᠠᠷ ᠢ ᠭᠦᠨᠵᠡᠭᠡᠢ ᠲᠠᠨᠢᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠲᠡᠮᠡᠴᠡᠯ ᠤᠨ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠡᠷᠡᠰ ᠪᠠᠬᠢᠵᠢᠭᠦᠯᠵᠦ᠂ ᠬᠢᠯᠪᠠᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠡᠷᠡᠰ ᠪᠠᠬᠢᠵᠢᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃   ᠬᠤᠷᠠᠯ ᠠᠴᠠ᠂ ᠬᠡᠰᠡᠭ ᠲᠠᠯ᠎ᠠ ᠶᠢᠨ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠢ ᠰᠢᠢᠳᠪᠦᠷᠢᠯᠡᠬᠦ ᠶᠢ ᠲᠦᠷᠭᠡᠳᠭᠡᠵᠤ᠂ ᠪᠠᠶᠢᠴᠠᠭᠠᠪᠡᠯ ᠵᠤᠬᠢᠬᠤ ᠶᠢ ᠨᠢ ᠪᠦᠬᠦᠨ ᠢ ᠪᠠᠶᠢᠴᠠᠭᠠᠬᠤ᠂ ᠲᠤᠰᠠᠭᠠᠷᠯᠠᠪᠡᠯ ᠵᠤᠬᠢᠬᠤ ᠶᠢ ᠨᠢ ᠪᠦᠬᠦᠨ ᠢ ᠲᠤᠰᠠᠭᠠᠷᠯᠠᠬᠤ᠂ ᠡᠵᠡᠮᠳᠡᠪᠡᠯ ᠵᠤᠬᠢᠬᠤ ᠶᠢ ᠨᠢ ᠪᠦᠬᠦᠨ ᠢ ᠡᠵᠡᠮᠳᠡᠬᠦ᠂ ᠵᠠᠰᠠᠪᠡᠯ ᠵᠤᠬᠢᠬᠤ ᠶᠢ ᠨᠢ ᠪᠦᠬᠦᠨ ᠢ ᠵᠠᠰᠠᠬᠤ ᠶᠢ ᠲᠦᠷᠭᠡᠳᠭᠡᠵᠦ᠂ ᠬᠤᠯᠪᠤᠭᠠᠯᠠᠨ ᠬᠦᠳᠡᠯᠤᠯᠴᠡᠭᠰᠡᠨ ᠪᠥᠭᠡᠮ ᠬᠦᠴᠢᠯ ᠤᠨ ᠪᠠᠶᠢᠴᠠᠭᠠᠯᠲᠠ᠂ ᠲᠠᠬᠤᠯ ᠡᠪᠡᠳᠴᠢᠨ ᠤ ᠪᠠᠶᠢᠴᠠᠭᠠᠯᠲᠠ᠂ ᠲᠤᠰᠠᠭᠠᠷᠯᠠᠨ ᠰᠢᠯᠵᠢᠭᠦᠯᠦᠨ ᠵᠥᠭᠡᠭᠡᠪᠦᠷᠢᠯᠡᠬᠦ ᠪᠠ ᠨᠡᠶᠢᠭᠡᠮ ᠲᠣᠭᠤᠷᠢᠭ ᠤᠨ ᠬᠠᠮᠢᠶᠠᠷᠤᠯᠳᠠ ᠡᠵᠡᠮᠳᠡᠯ ᠵᠡᠷᠭᠡ ᠭᠤᠣᠯᠳᠠᠯᠭ᠎ᠠ ᠲᠠᠢ ᠭᠤᠭᠴᠤᠭ᠎ᠠ ᠶᠢ ᠵᠣᠬᠢᠴᠠᠭᠤᠯᠵᠤ᠂ ᠬᠠᠯᠳᠠᠪᠤᠷᠢᠯᠠᠭᠰᠠᠳ ᠪᠠ ᠠᠶᠤᠯ ᠲᠦᠭᠰᠢᠭᠦᠷᠢ ᠲᠠᠢ ᠬᠥᠮᠦᠰ ᠢ ᠴᠠᠭ ᠲᠤᠬᠠᠢ ᠳᠤᠨᠢ ᠵᠢᠭᠰᠠᠭᠠᠨ ᠪᠠᠶᠢᠴᠠᠭᠠᠵᠤ ᠭᠠᠷᠭᠠᠬᠤ᠂ ᠬᠠᠮᠢᠶᠠᠷᠤᠨ ᠡᠵᠡᠮᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠪᠦᠰᠡ ᠶᠢᠨ ᠬᠠᠮᠵᠢᠯᠴᠠᠨ ᠰᠡᠷᠭᠡᠶᠢᠯᠡᠬᠦ᠂ ᠮᠤᠵᠢ ᠶᠢᠨ ᠳᠣᠲᠣᠷ᠎ᠠ ᠪᠠᠨ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠬᠥᠮᠦᠨ ᠤ ᠬᠦᠴᠦᠨ ᠡᠳ᠋ ᠪᠣᠳᠠᠰ ᠢ ᠪᠦᠷᠢᠨ ᠭᠦᠢᠴᠡᠳ ᠪᠡᠯᠡᠳᠭᠡᠵᠦ᠂ ᠬᠢᠵᠢᠭ ᠤᠨ ᠪᠠᠶᠢᠳᠠᠯ ᠢ ᠠᠷᠭᠠᠴᠠᠭᠠᠬᠤ ᠪᠡᠯᠡᠳᠭᠡᠯ ᠢ ᠰᠠᠶᠢᠲᠤᠷ ᠬᠢᠬᠦ ᠬᠡᠷᠡᠭᠲᠡᠢ᠃ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠴᠠᠭ ᠲᠤᠬᠠᠶ ᠳᠤᠨᠢ ᠲᠡᠭᠦᠯᠳᠡᠷᠵᠢᠭᠦᠯᠵᠦ᠂ ᠸᠢᠷᠦ᠋ᠰ ᠤᠨ ᠤᠨᠳᠤᠤᠰᠢᠬᠤ ᠶᠢ ᠰᠤᠳᠤᠯᠬᠤ ᠪᠠ ᠰᠡᠷᠭᠡᠶᠢᠯᠡᠬᠦ ᠡᠷᠴᠢᠮ ᠢᠶᠠᠨ ᠴᠢᠩᠭᠠᠷᠠᠭᠤᠯᠵᠤ᠂ ᠳᠥᠭᠦᠮᠴᠢᠯᠡᠬᠦ ᠥᠬᠡᠶ᠂ ᠡᠭᠡᠭᠡ ᠠᠳᠠᠯᠢ ᠪᠠᠶᠢᠯᠭᠠᠬᠤ ᠥᠬᠡᠶ ᠪᠠᠶᠢᠵᠤ᠂ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠪᠠ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢ ᠵᠡᠷᠭᠡ ᠪᠠᠷ ᠰᠠᠶᠢᠲᠤᠷ ᠬᠢᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠰᠠᠶᠢᠲᠤᠷ ᠪᠠᠲᠤᠯᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠳᠤ ᠬᠥᠮᠦᠨ᠂ ᠪᠣᠳᠠᠰ᠂ ᠣᠷᠴᠢᠨ ᠲᠣᠭᠤᠷᠢᠨ ᠢ ᠵᠡᠷᠭᠡ ᠪᠠᠷ ᠰᠡᠷᠭᠡᠶᠢᠯᠡᠬᠦ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠲᠦᠷᠦᠯ ᠤᠨ ᠬᠠᠷᠢᠭᠤᠴᠠᠯᠭ᠎ᠠ ᠪᠣᠯᠤᠨ ᠨᠢᠭᠡᠴᠢ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠠᠷᠠᠳ ᠣᠯᠠᠨ ᠳᠤ ᠨᠢᠭᠲᠠ ᠲᠦᠰᠢᠭᠯᠡᠨ ᠠᠷᠠᠳ ᠲᠦᠮᠡᠨ ᠤ ᠳᠠᠶᠢᠨ ᠢ ᠰᠠᠶᠢᠲᠤᠷ ᠬᠢᠵᠦ ᠂ ᠮᠡᠳᠡᠭᠡ ᠵᠠᠩᠭᠢ ᠨᠡᠶᠢᠲᠡᠯᠡᠬᠦ ᠶᠢ ᠴᠢᠩᠭᠠᠳᠬᠠᠨ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠷᠢᠭᠤᠴᠠᠯᠭᠠᠲᠤ ᠤᠬᠠᠮᠰᠠᠷ᠂ ᠥᠪᠡᠷ ᠢ ᠪᠠᠨ ᠬᠠᠮᠠᠭᠠᠯᠠᠬᠤ ᠤᠬᠠᠮᠰᠠᠷ ᠢ ᠨᠢ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠪᠠ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠨ᠂ ᠬᠤᠪᠢ ᠬᠥᠮᠦᠨ᠂ ᠭᠡᠷ ᠪᠦᠯᠢ ᠵᠡᠷᠭᠡ ᠶᠢᠨ ᠡᠳᠦᠷ ᠲᠤᠲᠤᠮ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠭᠡᠯᠢᠯᠡᠭᠡ ᠶᠢᠨ ᠲᠠᠷᠢᠯᠭ᠎ᠠ ᠶᠢᠨ ᠠᠵᠢᠯ ᠢ ᠴᠢᠩᠭᠠᠳᠬᠠᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃   ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠨᠡᠶᠢᠭᠡᠮ ᠤᠨ ᠡᠯ᠎ᠡ ᠲᠠᠯ᠎ᠠ ᠶᠢᠨ  ᠬᠢᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠭᠡᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠤᠬᠠᠮᠰᠠᠷ ᠠᠴᠠ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠲᠠᠶᠢᠪᠤᠰᠢᠷᠠᠬᠤ ᠪᠤᠳᠤᠯ ᠂ ᠬᠠᠯᠠᠰᠢᠷᠠᠬᠤ ᠰᠡᠳᠭᠢᠯᠭᠡ᠂ ᠠᠵᠠ ᠬᠠᠷᠠᠬᠤ ᠪᠤᠳᠤᠯ᠂ ᠰᠤᠯᠠᠷᠠᠬᠤ ᠰᠡᠳᠭᠢᠯᠭᠡ ᠶᠢ ᠲᠡᠪᠴᠢᠵᠦ᠂ ᠪᠦᠬᠦ ᠲᠠᠯ᠎ᠠ ᠪᠠᠷ ᠲᠠᠶᠢᠴᠢᠯᠠᠨ ᠪᠦᠬᠦ ᠲᠠᠯ᠎ᠠ ᠪᠠᠷ ᠪᠠᠶᠢᠷᠢᠯᠠᠭᠤᠯᠵᠤ᠂ ᠴᠠᠭ ᠪᠢᠳᠡᠨ ᠢ ᠬᠦᠯᠢᠶᠡᠬᠦ ᠦᠭᠡᠢ ᠵᠣᠷᠢᠭ ᠰᠠᠨᠠᠭ᠎ᠠ᠂ ᠴᠠᠭ ᠮᠥᠴᠡ ᠶᠢ ᠠᠯᠳᠠᠯ ᠦᠭᠡᠢ ᠲᠡᠮᠡᠴᠡᠬᠦ ᠦᠢᠯᠡ ᠠᠵᠢᠯᠯᠠᠭ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠨ ᠨᠠᠷᠢᠯᠢᠭ ᠠᠳᠬᠤᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠦᠷᠭᠦᠯᠵᠢᠯᠡᠨ ᠡᠮᠦᠨ᠎ᠡ ᠨᠢ ᠭᠠᠪᠰᠢᠭᠠᠶᠢᠯᠠᠨ ᠡᠷᠡᠮᠡᠬᠡᠶᠢᠯᠡᠨ ᠲᠡᠮᠡᠴᠡᠵᠦ᠂ ᠲᠠᠶᠢᠴᠢᠨ ᠪᠠᠬᠢᠯᠡᠯᠲᠡ ᠪᠠ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠬᠢᠵᠢᠭ ᠲᠠᠢ ᠲᠡᠮᠡᠴᠡᠬᠦ ᠲᠡᠮᠡᠴᠡᠯ ᠤᠨ ᠳᠤᠮᠳᠠ ᠴᠣᠯᠭᠤᠷᠠᠨ ᠭᠠᠷᠤᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠪᠣᠯᠤᠨ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠤᠨ ᠮᠡᠳᠡᠭᠡᠯᠡᠵᠦ᠂ ᠥᠷᠭᠡᠨ ᠤᠯᠠᠨ ᠺᠠᠳ᠋ᠷ ᠤᠯᠠᠨ ᠲᠦᠮᠡᠨ ᠤ ᠢᠲᠡᠭᠡᠯ ᠵᠣᠷᠢᠭ ᠢᠶᠠᠨ ᠪᠠᠲᠤᠳᠬᠠᠨ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠦ᠂ ᠪᠦᠯᠬᠦᠮᠳᠡᠨ ᠨᠢᠭᠡᠳᠴᠦ ᠪᠠᠶᠢᠭᠠᠳ ᠬᠢᠵᠢᠭ ᠲᠠᠢ ᠲᠡᠮᠡᠴᠡᠬᠦ ᠠᠵᠢᠯ ᠢ ᠰᠠᠶᠢᠲᠤᠷ ᠬᠢᠬᠦ ᠶᠢ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃   ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号