@ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠳᠤ ᠡᠶᠢᠮᠦ ᠰᠠᠶᠢᠨ ᠲᠥᠷᠥ ᠶᠢᠨ ᠪᠣᠳᠣᠯᠭ᠎ᠠ ᠨᠤᠭᠤᠳ ᠪᠠᠶᠢᠨ᠎ᠠ︕
ᠨᠡᠶᠢᠲᠡᠯᠡᠭᠰᠡᠨ ᠴᠠᠭ᠄
2022/5/7
     ᠲᠦᠷᠦ ᠶᠢᠨ ᠪᠣᠳᠣᠯᠭ᠎ᠠ ᠶᠢᠨ Q&A      ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 4 ᠳ᠋ᠦ᠋ᠭᠡᠷ ᠰᠠᠷ᠎ᠠ ᠶᠢᠨ 28 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠨᠡᠶᠢᠲᠡᠯᠡᠬᠦ ᠵᠤᠷᠰᠢᠯ ᠬᠤᠷᠠᠯ ᠬᠢᠵᠦ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠪᠠ᠃ ᠬᠠᠮᠲᠤ ᠪᠠᠷ ᠠᠩᠬᠠᠷᠴᠠᠭᠠᠶ᠎ᠠ︕      Q1      Q᠄ ᠬᠦᠴᠢᠷᠳᠡᠯ ᠢ ᠲᠠᠶᠢᠯᠬᠤ᠂ ᠭᠠᠶᠢᠯᠢ ᠪᠤᠴᠠᠭᠠᠬᠤ ᠵᠡᠷᠭᠡ ᠲᠠᠯ᠎ᠠ ᠪᠠᠷ ᠶᠠᠮᠠᠷ ᠰᠢᠨ᠎ᠡ ᠲᠥᠷᠥ ᠶᠢᠨ ᠪᠣᠳᠣᠯᠭ᠎ᠠ ᠪᠠᠶᠢᠬᠤ ᠪᠤᠶ︖      A᠄ 10 ᠰᠠᠯᠠᠭ᠎ᠠ ᠮᠥᠴᠢᠷ 4 ᠳ᠋ᠦ᠋ᠭᠡᠷ ᠰᠠᠷ᠎ᠠ ᠶᠢᠨ 20 ᠤ ᠡᠳᠦᠷ ᠬᠠᠮᠲᠤᠷᠠᠨ ︽ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ ᠭᠠᠳᠠᠭᠠᠳᠤ ᠠᠷᠠᠯᠵᠢᠶᠠᠨ ᠤ ᠲᠣᠭᠲᠠᠭᠤᠨ ᠬᠥᠭᠵᠢᠯᠲᠡ ᠶᠢ ᠠᠬᠢᠭᠤᠯᠬᠤ ᠲᠤᠬᠠᠢ ᠮᠡᠳᠡᠭᠳᠡᠯ︾ ᠢ ᠲᠣᠭᠲᠠᠭᠠᠨ ᠲᠠᠷᠬᠠᠭᠠᠪᠠ᠂ ᠡᠭᠦᠨ ᠳᠤ ᠭᠤᠷᠪᠠᠨ ᠲᠠᠯ᠎ᠠ 15 ᠵᠦᠢᠯ ᠤᠨ ᠠᠷᠭ᠎ᠠ ᠬᠡᠮᠵᠢᠶ᠎ᠡ ᠪᠠᠭᠲᠠᠨ᠎ᠠ᠂ ᠪᠣᠳᠠᠲᠠᠢ ᠪᠠᠷ ᠬᠡᠯᠡᠪᠡᠯ᠄      ᠲᠥᠷᠥ ᠶᠢᠨ ᠪᠣᠳᠣᠯᠭ᠎ᠠ ᠪᠠᠷ ᠬᠦᠴᠢᠷᠳᠡᠯ ᠢ ᠰᠢᠢᠳᠪᠦᠷᠢᠯᠡᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ ᠳᠠᠷᠤᠭᠠᠰᠤ ᠶᠢ ᠬᠦᠴᠦᠯᠡᠨ ᠬᠥᠩᠭᠡᠷᠡᠭᠦᠯᠬᠦ ᠲᠠᠯ᠎ᠠ ᠪᠠᠷ᠂      ︽ᠮᠡᠳᠡᠭᠳᠡᠯ︾ ᠳᠤ 3 ᠵᠦᠢᠯ ᠤᠨ ᠳᠡᠮᠵᠢᠬᠦ ᠲᠥᠷᠥ ᠶᠢᠨ ᠪᠣᠳᠣᠯᠭ᠎ᠠ ᠶᠢ ᠲᠣᠳᠣᠷᠬᠠᠢ ᠲᠣᠭᠲᠠᠭᠠᠪᠠ᠄      · ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠬᠢᠭᠡᠳ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢᠨ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠳᠠᠭᠠᠳᠬᠠᠯ ᠤᠨ ᠲᠥᠯᠥᠪᠦᠷᠢ ᠶᠢᠨ ᠵᠣᠭᠤᠰ ᠢ ᠭᠤᠪᠢᠭᠤᠯᠭ᠎ᠠ ᠶᠢᠨ ᠣᠷᠣᠯᠭ᠎ᠠ ᠲᠠᠢ ᠠᠳᠠᠯᠢ ᠪᠠᠷ ᠦᠵᠡᠵᠦ ᠭᠠᠶᠢᠯᠢ ᠪᠤᠴᠠᠭᠠᠯᠲᠠ ᠶᠢ ᠭᠦᠢᠴᠡᠳᠬᠡᠨ᠎ᠡ︔      · ᠡᠳ᠋ᠰᠢᠭᠦᠯᠬᠦ ᠠᠷᠠᠯᠵᠢᠶ᠎ᠠ ᠶᠢᠨ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠳ᠋ᠰᠢᠭᠦᠯᠬᠦ ᠠᠷᠠᠯᠵᠢᠶ᠎ᠠ ᠶᠢᠨ ᠠᠵᠤ ᠠᠬᠤᠶᠢᠯᠠᠯ ᠤᠨ ᠥᠩᠭᠡᠷᠡᠭᠰᠡᠨ ᠳᠤ ᠭᠠᠳᠠᠭᠠᠳᠤ ᠳᠤ ᠭᠠᠷᠭᠠᠭᠰᠠᠨ ᠦᠢᠯᠡᠳᠬᠦᠨ ᠤ ᠭᠠᠶᠢᠯᠢ ᠲᠠᠲᠠᠪᠤᠷᠢᠯᠠᠬᠤ ᠪᠠ ᠪᠤᠴᠠᠭᠠᠬᠤ ᠨᠣᠷᠮ᠎ᠠ ᠨᠢ ᠨᠢᠭᠡᠳᠦᠯ ᠦᠭᠡᠢ ᠠᠴᠠ ᠪᠣᠯᠵᠤ ᠲᠤᠯᠭᠠᠨ ᠰᠠᠭᠤᠯᠭᠠᠵᠤ ᠳᠡᠶᠢᠯᠬᠦ ᠦᠭᠡᠢ ᠪᠣᠯᠤᠭᠰᠠᠨ ᠣᠷᠣᠯᠭ᠎ᠠ ᠶᠢᠨ ᠭᠠᠶᠢᠯᠢ ᠶᠢᠨ ᠨᠣᠷᠮ᠎ᠠ ᠶᠢ ᠣᠳᠣ ᠣᠷᠣᠯᠭ᠎ᠠ ᠶᠢᠨ ᠭᠠᠶᠢᠯᠢ ᠶᠢᠨ ᠨᠣᠷᠮ᠎ᠠ ᠪᠠᠷ ᠥᠷᠲᠡᠭ ᠨᠡᠮᠡᠭᠳᠡᠯ ᠤᠨ ᠭᠠᠶᠢᠯᠢ ᠶᠢ ᠲᠤᠯᠭᠠᠨ ᠰᠠᠭᠤᠯᠭᠠᠵᠤ ᠪᠣᠯᠬᠤ ᠶᠢ ᠵᠥᠪᠰᠢᠶᠡᠷᠡᠪᠡ︔      · ᠬᠢᠯᠢ ᠠᠴᠠ ᠭᠠᠷᠴᠤ ᠭᠠᠶᠢᠯᠢ ᠪᠤᠴᠠᠭᠠᠬᠤ ᠲᠥᠷᠥ ᠶᠢᠨ ᠪᠣᠳᠣᠯᠭ᠎ᠠ ᠶᠢᠨ ᠳᠠᠯᠳᠠ ᠬᠦᠴᠦᠨ ᠢ ᠠᠭᠤᠳᠠᠯᠵᠤ᠂ ᠲᠥᠷᠥ ᠶᠢᠨ ᠪᠣᠳᠣᠯᠭ᠎ᠠ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠭᠠᠶᠢᠯᠢ ᠪᠤᠴᠠᠭᠠᠬᠤ ᠳᠡᠯᠭᠡᠭᠦᠷ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠶᠡᠭᠡ ᠪᠠᠷ ᠬᠡᠷᠡᠭᠵᠢᠭᠦᠯᠦᠨ᠎ᠡ᠃      ᠳᠥᠭᠦᠮ ᠳᠥᠲᠡ ᠪᠠᠷ ᠭᠠᠶᠢᠯᠢ ᠪᠤᠴᠠᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠯᠡ ᠮᠥᠩᠭᠦᠨ ᠤ ᠡᠷᠭᠢᠯᠲᠡ ᠶᠢᠨ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ ᠲᠠᠯ᠎ᠠ ᠪᠠᠷ᠂      ︽ᠮᠡᠳᠡᠭᠳᠡᠯ︾ ᠳᠤ 7 ᠵᠦᠢᠯ ᠤᠨ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠳᠤᠷᠠᠳᠪᠠ᠄      · ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ︽ᠥᠯᠥ ᠣᠶᠢᠷᠠᠲᠤᠯᠴᠠᠬᠤ︾ ᠪᠠᠷ ᠭᠦᠢᠴᠡᠳᠬᠡᠬᠦ ᠶᠢ ᠶᠡᠭᠡ ᠪᠠᠷ ᠳᠡᠯᠭᠡᠷᠡᠭᠦᠯᠵᠦ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢᠨ ᠮᠡᠳᠡᠭᠦᠯᠬᠦ᠂ ᠬᠢᠨᠠᠨ ᠬᠠᠷᠭᠤᠭᠤᠯᠬᠤ᠂ ᠬᠠᠷᠢᠭᠤ ᠲᠤᠰᠬᠠᠬᠤ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠪᠣᠯᠭᠠᠨ᠎ᠠ︔      · ᠳ᠋ᠠᠶᠢᠲ᠋ᠠ ᠶᠢ ᠬᠠᠮᠲᠤ ᠳᠤ ᠪᠠᠨ ᠬᠦᠷᠲᠡᠬᠦ ᠶᠢ ᠴᠢᠩᠭᠠᠳᠬᠠᠵᠤ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢᠨ ᠮᠡᠳᠡᠭᠦᠯᠦᠨ ᠬᠦᠷᠭᠡᠬᠦ ᠮᠠᠲ᠋ᠧᠷᠢᠶᠠᠯ ᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠳᠥᠭᠦᠮᠴᠢᠯᠡᠨ᠎ᠡ︔      · ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢ ᠳᠠᠩᠰᠠᠯᠠᠭᠤᠯᠬᠤ ᠪᠢᠴᠢᠭ ᠪᠠᠷᠢᠮᠲᠠ ᠶᠢ ᠡᠯᠧᠺᠲᠷᠤᠨᠴᠢᠯᠡᠬᠦ ᠶᠢ ᠢᠳᠡᠪᠬᠢᠲᠡᠢ ᠬᠡᠷᠡᠭᠵᠢᠭᠦᠯᠵᠦ᠂ ᠠᠵᠤ ᠠᠬᠤᠶᠢᠯᠠᠯ ᠲᠣᠰ ᠪᠡᠶ᠎ᠡ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠠᠴᠢᠯᠠᠬᠤ᠂ ᠳᠦᠷᠢᠴᠢᠯᠡᠬᠦ ᠪᠤᠶᠤ ᠴᠠᠭᠠᠰᠤᠵᠢᠭᠤᠯᠬᠤ ᠪᠢᠴᠢᠭ ᠪᠠᠷᠢᠮᠲᠠ ᠶᠢ ᠦᠯᠡᠳᠡᠭᠡᠨ ᠬᠠᠳᠠᠭᠠᠯᠠᠬᠤ ᠠᠷᠭ᠎ᠠ ᠶᠢ ᠠᠮᠢᠳᠤᠯᠢᠭ ᠢᠶᠠᠷ ᠰᠣᠩᠭᠤᠬᠤ ᠶᠢ ᠨᠢ ᠳᠡᠮᠵᠢᠨ᠎ᠡ︔      · ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢᠨ ᠣᠶᠤᠨᠴᠢ ᠮᠡᠳᠡᠭᠦᠯᠦᠯᠲᠡ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠪᠣᠭᠤᠮᠲᠠ ᠳᠤ ᠮᠡᠳᠡᠭᠦᠯᠬᠦ ᠪᠢᠴᠢᠭ᠂ ᠪᠠᠷᠢᠮᠲᠠ ᠶᠢᠨ ᠮᠡᠳᠡᠭᠡ ᠵᠠᠩᠭᠢ ᠶᠢ ᠲᠠᠭᠯᠠᠨ ︽ᠮᠡᠳᠡᠭᠦᠯᠬᠦ ᠠᠴᠠ ᠬᠡᠯᠲᠦᠷᠢᠭᠦᠯᠬᠦ︾ ᠪᠡᠶᠡᠯᠡᠭᠳᠡᠯ ᠢ ᠠᠬᠢᠭᠤᠯᠤᠨ᠎ᠠ︔      · ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠠᠵᠢᠯ ᠤᠨ ᠴᠢᠨᠠᠷ ᠪᠠ ᠪᠦᠲᠦᠮᠵᠢ ᠶᠢ ᠳᠡᠭᠡᠭᠰᠢᠯᠡᠭᠦᠯᠵᠦ᠂ 2022 ᠣᠨ ᠳᠤ ᠪᠥᠬᠦ ᠤᠯᠤᠰ ᠤᠨ ᠬᠡᠪ ᠤᠨ ᠭᠠᠶᠢᠯᠢ ᠪᠤᠴᠠᠭᠠᠯᠲᠠ ᠶᠢ ᠭᠦᠢᠴᠡᠳᠬᠡᠬᠦ ᠳᠤᠮᠳᠠᠴᠢ ᠴᠠᠭ ᠢ 6 ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠬᠦ ᠪᠣᠯᠭᠠᠨ ᠪᠣᠭᠤᠨᠢᠰᠬᠠᠨ᠎ᠠ︔      · ᠪᠣᠭᠤᠮᠲᠠ ᠪᠠ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠭᠠᠳᠠᠭᠠᠳᠤ ᠭᠠᠷᠭᠠᠯᠲᠠ ᠶᠢᠨ ᠪᠠᠷᠠᠭ᠎ᠠ ᠶᠢ ᠪᠤᠴᠠᠭᠠᠨ ᠲᠡᠭᠡᠭᠡᠪᠦᠷᠢᠯᠡᠬᠦ ᠳᠤ ᠪᠣᠭᠤᠮᠲᠠ ᠪᠠᠷ ᠥᠩᠭᠡᠷᠡᠭᠦᠯᠬᠦ ᠪᠦᠲᠦᠮᠵᠢ ᠶᠢ ᠳᠡᠭᠡᠭᠰᠢᠯᠡᠭᠦᠯᠦᠨ᠎ᠡ︔      · ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠵᠦᠢᠯᠡᠰ ᠢ ᠭᠦᠢᠴᠡᠳᠬᠡᠬᠦ ᠴᠤᠪᠤᠷᠠᠯ ᠢ ᠰᠢᠯᠢᠳᠡᠭᠵᠢᠭᠦᠯᠦᠨ ᠳᠥᠭᠦᠮᠴᠢᠯᠡᠵᠦ᠂ ︽ᠳᠤᠲᠠᠭᠤ ᠪᠠᠷ ᠨᠢ ᠵᠥᠪᠰᠢᠶᠡᠷᠡᠨ ᠭᠦᠢᠴᠡᠳᠬᠡᠬᠦ︾ ᠶᠢ ᠲᠤᠬᠠᠢ ᠶᠢᠨ ᠭᠠᠵᠠᠷ ᠲᠤ ᠨᠢ ᠬᠠᠷᠭᠤᠭᠤᠯᠤᠨ ᠪᠠᠶᠢᠴᠠᠭᠠᠬᠤ ᠶᠢ ᠪᠠᠶᠢᠩᠭᠤᠵᠢᠭᠤᠯᠤᠨ ᠬᠡᠷᠡᠭᠵᠢᠭᠦᠯᠵᠦ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠭᠡᠷᠡᠴᠢᠯᠡᠭᠡ ᠶᠢᠨ ᠪᠥᠬᠦ ᠴᠤᠪᠤᠷᠠᠯ ᠳᠤ ᠴᠠᠭᠠᠰᠤ ᠦᠭᠡᠶᠢᠵᠢᠭᠦᠯᠬᠦ ᠶᠢ ᠢᠳᠡᠪᠬᠢᠲᠡᠢ ᠠᠬᠢᠭᠤᠯᠤᠨ᠂ ᠭᠠᠶᠢᠯᠢ ᠪᠤᠴᠠᠭᠠᠯᠲᠠ ᠶᠢ ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ ᠪᠡᠯᠡ ᠮᠥᠩᠭᠦ ᠶᠢᠨ ᠡᠷᠭᠢᠯᠲᠡ ᠶᠢ ᠲᠦᠷᠭᠡᠳᠬᠡᠨ᠎ᠡ᠃      ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠳᠠᠭᠠᠳᠤ ᠠᠷᠠᠯᠵᠢᠶᠠᠨ ᠤ ᠲᠣᠭᠲᠠᠭᠤᠨ ᠬᠥᠭᠵᠢᠯᠲᠡ ᠶᠢ ᠬᠦᠴᠦᠯᠡᠨ ᠠᠬᠢᠭᠤᠯᠬᠤ ᠲᠠᠯ᠎ᠠ ᠪᠠᠷ᠂      ︽ᠮᠡᠳᠡᠭᠳᠡᠯ︾ ᠳᠤ 5 ᠵᠦᠢᠯ ᠤᠨ ᠳᠡᠮᠵᠢᠬᠦ ᠠᠷᠭ᠎ᠠ ᠬᠡᠮᠵᠢᠶ᠎ᠡ ᠨᠡᠶᠢᠲᠡᠯᠡᠪᠡ᠄      · ᠤᠬᠠᠭᠤᠯᠭ᠎ᠠ ᠶᠢᠨ ᠠᠷᠭ᠎ᠠ ᠵᠠᠮ ᠵᠢᠴᠢ ᠨᠠᠷᠢᠯᠢᠭ ᠣᠨᠣᠴᠠᠲᠠᠢ ᠰᠠᠨᠠᠭᠤᠯᠬᠤ ᠠᠭᠤᠯᠭ᠎ᠠ ᠶᠢ ᠪᠠᠶᠠᠯᠢᠭᠵᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠦᠷ᠎ᠡ ᠪᠦᠲᠦᠮᠵᠢ ᠶᠢ ᠨᠢ ᠳᠡᠭᠡᠭᠰᠢᠯᠡᠭᠦᠯᠦᠨ᠎ᠡ︔      · ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠡᠷᠡᠭᠦᠯ᠂ ᠦᠷᠭᠦᠯᠵᠢᠯᠡᠬᠦᠶᠢᠴᠡ᠂ ᠰᠢᠨᠡᠴᠢᠯᠡᠭᠰᠡᠨ ᠬᠥᠭᠵᠢᠯᠲᠡ ᠶᠢ ᠨᠢ ᠳᠡᠮᠵᠢᠨ᠎ᠡ︔      · ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠭᠠᠶᠢᠯᠢ ᠪᠤᠴᠠᠭᠠᠯᠲᠠ ᠶᠢᠨ ᠲᠥᠪᠯᠡᠷᠡᠭᠦᠯᠵᠦ ᠣᠷᠣᠯᠠᠨ ᠭᠦᠢᠴᠡᠳᠬᠡᠬᠦ ᠶᠢ ᠳᠠᠩᠰᠠᠯᠠᠬᠤ ᠴᠤᠪᠤᠷᠠᠯ ᠢ ᠳᠥᠭᠦᠮᠴᠢᠯᠡᠵᠦ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠬᠥᠭᠵᠢᠯᠲᠡ ᠳᠤ ᠲᠥᠬᠦᠮ ᠨᠥᠬᠦᠴᠡᠯ ᠪᠦᠷᠢᠯᠳᠦᠭᠦᠯᠵᠦ ᠥᠭᠭᠦᠨ᠎ᠡ︔      · ᠢᠲᠡᠭᠡᠮᠵᠢ ᠶᠢ ᠬᠠᠮᠲᠤ ᠳᠤ ᠪᠠᠨ ᠬᠦᠷᠲᠡᠬᠦ ᠶᠢ ᠴᠢᠩᠭᠠᠳᠬᠠᠵᠤ᠂ ᠠᠵᠤ ᠠᠬᠤᠶᠢᠯᠠᠯ ᠤᠨ ᠢᠲᠡᠭᠡᠮᠵᠢᠲᠡᠢ ᠡᠵᠡᠩᠨᠡᠬᠦ ᠶᠢ ᠵᠢᠯᠣᠭᠤᠳᠴᠤ᠂ ᠨᠢᠭᠡᠨᠲᠡ ᠭᠠᠶᠢᠯᠢ ᠲᠤᠰᠢᠶᠠᠬᠤ ᠢᠲᠡᠭᠡᠮᠵᠢ ᠪᠠᠨ ᠰᠡᠷᠭᠦᠭᠡᠭᠰᠡᠨ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢᠨ ᠲᠥᠷᠥᠯ ᠬᠤᠪᠢᠶᠠᠭᠰᠠᠨ ᠬᠠᠮᠢᠶᠠᠷᠤᠯᠲᠠ ᠶᠢᠨ ᠲᠥᠷᠥᠯ ᠢ ᠳᠠᠬᠢᠨ ᠲᠣᠭᠲᠠᠭᠠᠬᠤ ᠶᠢ ᠨᠢ ᠵᠥᠪᠰᠢᠶᠡᠷᠡᠨ᠎ᠡ︔      · ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠬᠤ ᠶᠢᠨ ᠬᠠᠮᠲᠤ ᠬᠤᠳᠠᠯ ᠬᠡᠯᠡᠵᠦ ᠭᠠᠶᠢᠯᠢ ᠮᠡᠬᠡᠯᠡᠨ ᠠᠪᠬᠤ ᠠᠵᠢᠯᠯᠠᠭ᠎ᠠ ᠳᠤ ᠬᠤᠯᠪᠣᠭᠠᠯᠠᠨ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠡᠷᠬᠡ ᠲᠡᠭᠰᠢ ᠲᠥᠪ ᠭᠤᠣᠯᠴᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠢᠳᠡᠪᠬᠢᠲᠡᠢ ᠪᠣᠶ ᠪᠣᠯᠭᠠᠨ᠎ᠠ᠃      Q2      Q᠄ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠥᠭᠡᠷᠡᠴᠢᠯᠡᠯᠲᠡ ᠶᠢᠨ ᠲᠠᠯ᠎ᠠ ᠪᠠᠷ ᠶᠠᠮᠠᠷ ᠰᠢᠨ᠎ᠡ ᠠᠷᠭ᠎ᠠ ᠬᠡᠮᠵᠢᠶ᠎ᠡ ᠪᠠᠶᠢᠬᠤ ᠪᠤᠶ︖      A᠄ ᠮᠡᠳᠡᠭᠦᠯᠬᠦ ᠳᠤ ᠲᠥᠬᠦᠮ ᠦᠵᠡᠭᠦᠯᠬᠦ ᠲᠠᠯ᠎ᠠ ᠪᠠᠷ᠂ ︽ᠤᠷᠢᠳᠴᠢᠯᠠᠨ ᠮᠡᠳᠡᠭᠦᠯᠬᠦ︾ ︽ᠬᠤᠶᠠᠷ ᠠᠯᠬᠤᠮ ᠢᠶᠠᠷ ᠮᠡᠳᠡᠭᠦᠯᠬᠦ︾ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠠᠬᠤᠶᠢᠯᠠᠯ ᠤᠳ ᠲᠤ ᠠᠳᠠᠯᠢ ᠪᠤᠰᠤ ᠠᠵᠤ ᠠᠬᠤᠶᠢᠯᠠᠯ ᠳᠤ ᠲᠣᠬᠢᠷᠠᠭᠰᠠᠨ ᠮᠡᠳᠡᠭᠦᠯᠬᠦ ᠵᠠᠭᠪᠤᠷ ᠤᠨ ᠰᠣᠩᠭᠤᠯᠲᠠ ᠬᠠᠩᠭᠠᠨ᠎ᠠ᠃      ᠪᠠᠷᠠᠭᠠᠨ ᠤ ᠭᠦᠢᠯᠭᠡᠭᠡ ᠶᠢ ᠰᠠᠭᠠᠳ ᠦᠭᠡᠢ ᠨᠡᠪᠲᠡᠷᠡᠭᠦᠯᠬᠦ ᠲᠠᠯ᠎ᠠ ᠪᠠᠷ᠂ ︽ᠬᠤᠶᠠᠷ ᠬᠡᠰᠡᠭ ᠲᠤ ᠵᠥᠪᠰᠢᠶᠡᠷᠡᠨ ᠣᠷᠣᠭᠤᠯᠬᠤ︾ ︽ᠵᠣᠷᠢᠭᠰᠠᠨ ᠭᠠᠵᠠᠷ ᠪᠠᠶᠢᠴᠠᠭᠠᠬᠤ︾ ᠵᠡᠷᠭᠡ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠪᠣᠭᠤᠮᠲᠠ ᠠᠴᠠ ᠪᠠᠷᠠᠭ᠎ᠠ ᠪᠠᠨ ᠲᠦᠷᠭᠡᠨ ᠭᠠᠷᠭᠠᠨ ᠠᠪᠬᠤ ᠳᠤ ᠲᠥᠬᠦᠮ ᠦᠵᠡᠭᠦᠯᠦᠨ᠎ᠡ᠃ ᠡᠭᠦᠨ ᠤ ᠵᠡᠷᠭᠡ ᠪᠠᠷ᠂ ᠣᠩᠭᠤᠴᠠᠨ ᠤ ᠳᠡᠷᠭᠡᠳᠡ ︽ᠰᠢᠭᠤᠳ ᠠᠪᠴᠤ ᠰᠢᠭᠤᠳ ᠲᠡᠭᠡᠭᠡᠪᠦᠷᠢᠯᠡᠬᠦ︾ ᠲᠤᠷᠰᠢᠯᠲᠠ ᠶᠢ ᠪᠥᠬᠦ ᠤᠯᠤᠰ ᠤᠨ ᠨᠥᠬᠦᠴᠡᠯ ᠪᠦᠷᠢᠳᠦᠭᠰᠡᠨ ᠰᠢᠭᠤᠳ ᠬᠠᠷᠢᠶ᠎ᠠ ᠪᠣᠭᠤᠮᠲᠠ ᠳᠤ ᠴᠥᠮ ᠪᠦᠷᠬᠦᠭᠦᠯᠬᠦ ᠶᠢ ᠠᠬᠢᠭᠤᠯᠤᠨ᠎ᠠ᠃ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠵᠡᠷᠭᠡ ᠣᠷᠣᠨ ᠪᠦᠰᠡ ᠳᠤ ᠠᠶᠤᠯ ᠲᠦᠭᠰᠢᠭᠦᠷᠢ ᠶᠢ ᠪᠠᠶᠢᠷᠢᠯᠠᠭᠤᠯᠤᠨ ᠡᠵᠡᠮᠳᠡᠬᠦ᠂ ᠡᠳ᠋ ᠪᠠᠷᠠᠭ᠎ᠠ ᠶᠢ ᠬᠢᠨᠠᠨ ᠬᠠᠮᠢᠶᠠᠷᠬᠤ ᠪᠠ ᠭᠠᠶᠢᠯᠢ ᠲᠤᠰᠢᠶᠠᠬᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠪᠣᠭᠤᠮᠲᠠ ᠪᠠ ᠣᠷᠣᠨ ᠠᠯᠤᠰᠯᠠᠨ ᠬᠠᠮᠵᠢᠯᠴᠠᠨ ᠬᠠᠮᠢᠶᠠᠷᠬᠤ ᠶᠢ ᠤᠷᠢᠳ ᠢᠶᠠᠷ ᠠᠬᠢᠭᠤᠯᠵᠤ᠂ ᠪᠣᠭᠤᠮᠲᠠ ᠳᠤ ᠮᠡᠳᠡᠭᠦᠯᠬᠦ ᠨᠢᠭᠡᠴᠢ ᠶᠢᠨ ᠳᠠᠩᠰᠠᠯᠠᠯ ᠤᠨ ᠴᠠᠭᠠᠰᠤ ᠦᠭᠡᠶᠢᠵᠢᠭᠦᠯᠬᠦ ᠶᠢ ᠪᠡᠶᠡᠯᠡᠭᠦᠯᠵᠦ᠂ ︽ᠪᠦᠬᠦ ᠶᠠᠪᠤᠴᠠ ᠶᠢ ᠰᠦᠯᠵᠢᠶᠡᠨ ᠳᠤ ᠭᠦᠢᠴᠡᠳᠬᠡᠬᠦ︾ ︽ᠪᠦᠬᠦ ᠤᠯᠤᠰ ᠲᠤ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠤ ᠪᠣᠭᠤᠮᠲᠠ ᠪᠠᠷ ᠳᠥᠭᠦᠮ ᠳᠥᠲᠡ ᠥᠩᠭᠡᠷᠡᠬᠦ ᠪᠠ ᠪᠠᠶᠢᠳᠠᠯ ᠳᠤ ᠨᠢ ᠲᠣᠬᠢᠷᠠᠭᠤᠯᠤᠨ ᠬᠢᠨᠠᠨ ᠬᠠᠮᠢᠶᠠᠷᠬᠤ ᠶᠢ ᠠᠬᠢᠭᠤᠯᠤᠨ᠎ᠠ᠃      ᠪᠣᠭᠤᠮᠲᠠ ᠶᠢᠨ ᠶᠡᠷᠦᠩᠬᠡᠢ ᠵᠠᠬᠢᠷᠭ᠎ᠠ ᠪᠠᠰᠠ ᠰᠢᠭᠤᠳ ᠬᠠᠷᠢᠶ᠎ᠠ ᠪᠣᠭᠤᠮᠲᠠ ᠨᠤᠭᠤᠳ ᠢ ᠵᠢᠯᠤᠭᠤᠳᠴᠤ ᠪᠠᠶᠢᠭᠠᠳ ᠠᠳᠠᠯᠢ ᠪᠤᠰᠤ ᠲᠡᠭᠡᠭᠡᠪᠦᠷᠢ ᠶᠢᠨ ᠠᠷᠭ᠎ᠠ ᠮᠠᠶ᠋ᠢᠭ᠂ ᠠᠳᠠᠯᠢ ᠪᠤᠰᠤ ᠠᠵᠢᠯ ᠲᠤᠶᠢᠷᠦᠯ ᠪᠠ ᠦᠢᠯᠡᠳᠬᠦᠨ ᠤ ᠣᠨᠴᠠᠯᠢᠭ ᠢ ᠦᠨᠳᠦᠰᠦᠯᠡᠨ ᠠᠷᠭ᠎ᠠ ᠬᠡᠮᠵᠢᠶ᠎ᠡ ᠠᠪᠴᠤ᠂ ᠠᠵᠤ ᠠᠬᠤᠶᠢᠯᠠᠯ ᠢ ᠬᠠᠪᠰᠤᠷᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ ᠪᠣᠭᠤᠮᠲᠠ ᠪᠠᠷ ᠥᠩᠭᠡᠷᠡᠭᠦᠯᠬᠦ ᠶᠠᠪᠤᠴᠠ ᠳᠠᠬᠢ ᠬᠦᠴᠢᠷᠳᠡᠯ ᠢ ᠨᠢ ᠰᠢᠢᠳᠪᠦᠷᠢᠯᠡᠵᠦ ᠥᠭᠭᠦᠨ᠎ᠡ᠃ ᠵᠢᠱᠢᠶᠡᠯᠡᠪᠡᠯ᠂ ᠠᠷᠠᠳ ᠤᠨ ᠠᠮᠢᠳᠤᠷᠠᠯ ᠤᠨ ᠴᠢᠬᠤᠯᠠ ᠡᠳ᠋ ᠪᠣᠳᠠᠰ ᠢ ᠭᠠᠳᠠᠭᠠᠳᠤ ᠠᠴᠠ ᠣᠷᠣᠭᠤᠯᠬᠤ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠵᠦ᠂ ᠠᠭᠠᠷ ᠠᠶᠠᠯᠠᠯ᠂ ᠬᠤᠷᠠᠮᠠᠯ ᠴᠠᠬᠢᠯᠭᠠᠨ ᠬᠡᠯᠬᠢᠶ᠎ᠡ᠂ ᠮᠠᠰᠢᠨ ᠲᠡᠷᠭᠡ ᠦᠢᠯᠡᠳᠬᠦ ᠵᠡᠷᠭᠡ ᠠᠵᠤ ᠦᠢᠯᠡᠰ ᠲᠤ ᠪᠣᠭᠤᠮᠲᠠ ᠪᠠᠷ ᠥᠩᠭᠡᠷᠡᠭᠦᠯᠬᠦ ᠳᠡᠮᠵᠢᠯᠭᠡ ᠬᠠᠩᠭᠠᠵᠤ᠂ ᠵᠠᠩᠭᠢᠯᠠᠭ᠎ᠠ ᠶᠢᠨ ᠰᠡᠯᠪᠢᠭ ᠲᠤᠨᠤᠭ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠪᠠᠲᠤᠯᠠᠵᠤ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠬᠤ ᠳᠤ ᠬᠦᠴᠦᠨ ᠨᠡᠮᠡᠷᠢᠯᠡᠨ᠎ᠡ᠃      Q3      Q᠄ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠪᠠᠨ ᠪᠤᠴᠠᠭᠠᠬᠤ ᠰᠣᠯᠢᠬᠤ ᠬᠠᠮᠢᠶᠠᠷᠤᠯᠲᠠ ᠳᠤ ᠶᠠᠮᠠᠷ ᠶᠠᠮᠠᠷ ᠲᠤᠰᠠᠲᠠᠢ ᠠᠷᠭ᠎ᠠ ᠬᠡᠮᠵᠢᠶ᠎ᠡ ᠪᠠᠶᠢᠬᠤ ᠪᠣᠶ︖      A᠄ 2020 ᠣᠨ ᠠᠴᠠ ᠣᠲᠣ ᠪᠣᠯᠲᠠᠯ᠎ᠠ ᠣᠯᠠᠨ ᠠᠯᠪᠠᠨ ᠵᠠᠷ ᠨᠡᠶᠢᠲᠡᠯᠡᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠵᠢᠭᠯᠡᠨ ᠬᠤᠳᠠᠯᠳᠤᠬᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠪᠠᠷᠠᠭ᠎ᠠ ᠪᠤᠴᠠᠭᠠᠬᠤ ᠴᠤᠪᠤᠷᠠᠯ ᠢ ᠰᠢᠯᠢᠳᠡᠭᠵᠢᠭᠦᠯᠪᠡ᠃ 2021 ᠣᠨ ᠤ 9 ᠳ᠋ᠦ᠋ᠭᠡᠷ ᠰᠠᠷ᠎ᠠ ᠳᠤ᠂ ᠪᠣᠭᠤᠮᠲᠠ ᠶᠢᠨ ᠶᠡᠷᠦᠩᠬᠡᠢ ᠵᠠᠬᠢᠷᠭ᠎ᠠ ᠪᠠᠰᠠ ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠵᠢᠭᠯᠡᠨ ᠬᠤᠳᠠᠯᠳᠤᠬᠤ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠪᠠᠷᠠᠭ᠎ᠠ ᠪᠤᠴᠠᠭᠠᠬᠤ ᠲᠥᠪ ᠬᠥᠮᠥᠷᠭᠡ ᠶᠢᠨ ᠵᠠᠭᠪᠤᠷ ᠢ ᠪᠥᠬᠦ ᠲᠠᠯ᠎ᠠ ᠪᠠᠷ ᠳᠡᠯᠭᠡᠷᠡᠭᠦᠯᠬᠦ ᠲᠤᠬᠠᠢ ᠠᠯᠪᠠᠨ ᠵᠠᠷ︾ ᠢ ᠨᠡᠶᠢᠲᠡᠯᠡᠨ ᠬᠡᠷᠡᠭᠵᠢᠭᠦᠯᠵᠦ᠂ ᠪᠠᠷᠠᠭ᠎ᠠ ᠪᠤᠴᠠᠭᠠᠬᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠠᠷᠠᠭ᠎ᠠ ᠪᠤᠴᠠᠭᠠᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠷᠲᠡᠭ ᠪᠠ ᠴᠠᠭ ᠤᠨ ᠥᠷᠲᠡᠭ ᠢ ᠪᠠᠭᠤᠷᠠᠭᠤᠯᠤᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ ᠣᠷᠣᠭᠤᠯᠬᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃      ᠠᠳᠡ ᠬᠡᠯᠡᠵᠦ ᠪᠠᠶᠢᠭ᠎ᠠ ︽ᠪᠠᠷᠠᠭ᠎ᠠ ᠪᠤᠴᠠᠭᠠᠬᠤ ᠲᠥᠪ ᠬᠥᠮᠥᠷᠭᠡ︾ ᠭᠡᠳᠡᠭ ᠨᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠬᠢᠯᠢ ᠶᠢᠨ ᠳᠣᠲᠣᠷᠠᠬᠢ ᠣᠷᠣᠯᠠᠭᠴᠢ ᠪᠤᠶᠤ ᠲᠡᠭᠦᠨ ᠤ ᠨᠠᠶᠢᠳᠠᠭᠰᠠᠨ ᠪᠣᠭᠤᠮᠲᠠ ᠶᠢᠨ ᠣᠨᠴᠠᠭᠠᠶ ᠬᠢᠨᠠᠨ ᠬᠠᠮᠢᠶᠠᠷᠬᠤ ᠣᠷᠣᠨ ᠪᠦᠰᠡ ᠶᠢᠨ ᠳᠣᠲᠣᠷᠠᠬᠢ ᠬᠥᠮᠥᠷᠭᠡᠯᠡᠨ ᠬᠠᠳᠠᠭᠠᠯᠠᠬᠤ ᠠᠵᠤ ᠠᠬᠤᠶᠢᠯᠠᠯ ᠢ ᠵᠢᠭᠠᠵᠤ ᠪᠣᠶ᠃ ᠪᠣᠭᠤᠮᠲᠠ ᠶᠢᠨ ᠣᠨᠴᠠᠭᠠᠢ ᠬᠢᠨᠠᠯᠲᠠ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷ᠎ᠠ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠵᠢᠭᠯᠡᠨ ᠬᠤᠳᠠᠯᠳᠤᠬᠤ ᠭᠠᠳᠠᠭᠠᠳᠤ ᠠᠴᠠ ᠣᠷᠣᠭᠤᠯᠤᠭᠰᠠᠨ ᠲᠠᠸᠠᠷ ᠢ ᠬᠠᠳᠠᠭᠠᠯᠠᠬᠤ ᠳᠤ ᠲᠤᠰᠬᠠᠢ ᠬᠡᠷᠡᠭᠯᠡᠬᠦ ᠪᠠᠷᠠᠭ᠎ᠠ ᠪᠤᠴᠠᠭᠠᠬᠤ ᠲᠤᠰᠬᠠᠢ ᠬᠡᠷᠡᠭᠯᠡᠭᠡᠨ ᠤ ᠬᠠᠳᠠᠭᠠᠯᠠᠬᠤ ᠭᠠᠵᠠᠷ ᠢ ᠪᠠᠶᠢᠭᠤᠯᠵᠤ᠂ ᠪᠤᠴᠠᠭᠠᠭᠰᠠᠨ ᠲᠠᠸᠠᠷ ᠢ ᠭᠥᠯᠢᠶᠡᠨ ᠠᠪᠬᠤ ᠪᠠ ᠢᠯᠭᠠᠬᠤ ᠵᠡᠷᠭᠡ ᠴᠤᠪᠤᠷᠠᠯ ᠢ ᠪᠣᠭᠤᠮᠲᠠ ᠶᠢᠨ ᠣᠨᠴᠠᠭᠠᠢ ᠬᠢᠨᠠᠯᠲᠠ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷ᠎ᠠ ᠥᠷᠨᠢᠭᠦᠯᠵᠦ᠂ ᠭᠠᠳᠠᠭᠠᠳᠤ ᠠᠴᠠ ᠬᠤᠳᠠᠯᠳᠤᠨ ᠠᠪᠤᠭᠰᠠᠨ ᠪᠠᠷᠠᠭ᠎ᠠ ᠶᠢ ᠪᠤᠴᠠᠭᠠᠬᠤ ᠳᠤ ᠪᠣᠭᠤᠮᠲᠠ ᠪᠠᠷ ᠳᠥᠭᠦᠮ ᠳᠥᠲᠡ ᠥᠩᠭᠡᠷᠡᠭᠦᠯᠬᠦ ᠦᠢᠯᠡᠴᠢᠯᠡᠭᠡ ᠬᠠᠩᠭᠠᠵᠤ ᠪᠣᠯᠣᠨ᠎ᠠ᠃      Q4      Q᠄ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠳᠤ ᠳᠥᠭᠦᠮ ᠦᠵᠡᠭᠦᠯᠬᠦ ᠬᠡᠮᠵᠢᠶ᠎ᠡ ᠶᠢ ᠬᠡᠷᠬᠢᠨ ᠳᠡᠭᠡᠭᠰᠢᠯᠡᠭᠦᠯᠬᠦ ᠪᠤᠢ︖      A᠄ ᠡᠨᠡ ᠵᠢᠯ ︽ᠭᠤᠷᠪᠠ ᠶᠢ ᠬᠠᠰᠤᠬᠤ᠂ ᠭᠤᠷᠪᠠ ᠶᠢ ᠨᠡᠮᠡᠬᠦ᠂ ᠭᠤᠷᠪᠠ ᠶᠢ ᠲᠦᠷᠭᠡᠳᠬᠡᠬᠦ︾ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠵᠦ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢ ᠭᠦᠢᠴᠡᠳᠬᠡᠬᠦ ᠳᠤ ᠲᠥᠬᠦᠮ ᠦᠵᠡᠭᠦᠯᠬᠦ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ︽ᠭᠤᠷᠪᠠ ᠶᠢ ᠬᠠᠰᠤᠬᠤ︾ ᠭᠡᠳᠡᠭ ᠨᠢ ᠮᠠᠲ᠋ᠧᠷᠢᠶᠠᠯ ᠢ ᠬᠠᠰᠤᠬᠤ᠂ ᠤᠴᠢᠷ ᠶᠠᠪᠤᠳᠠᠯ ᠢ ᠬᠠᠰᠤᠬᠤ᠂ ᠴᠠᠭᠠᠰᠤᠨ ᠭᠡᠷᠡᠴᠢᠯᠡᠭᠡ ᠶᠢ ᠬᠠᠰᠤᠬᠤ ᠶᠢ ᠵᠢᠭᠠᠵᠤ ᠪᠠᠶᠢᠨ᠎ᠠ᠃      · ᠮᠠᠲ᠋ᠧᠷᠢᠶᠠᠯ ᠢ ᠬᠠᠰᠤᠬᠤ ᠭᠡᠳᠡᠭ ᠨᠢ ᠭᠠᠶᠢᠯᠢ ᠲᠠᠲᠠᠪᠤᠷᠢ ᠶᠢᠨ ᠲᠣᠮᠣ ᠳ᠋ᠠᠶᠢᠲ᠋ᠠ ᠪᠠᠷ ᠲᠦᠰᠢᠭ ᠪᠣᠯᠭᠠᠵᠤ᠂ ᠭᠠᠳᠠᠭᠠᠳᠤ ᠳᠤ ᠭᠠᠷᠭᠠᠭᠰᠠᠨ ᠦᠢᠯᠡᠳᠬᠦᠨ ᠤ ᠭᠠᠶᠢᠯᠢ ᠪᠤᠴᠠᠭᠠᠯᠲᠠ ᠪᠠᠷ ᠮᠡᠳᠡᠭᠦᠯᠬᠦ᠂ ᠭᠡᠷᠡᠴᠢᠯᠡᠭᠦᠯᠬᠦ ᠵᠡᠷᠭᠡ ᠤᠴᠢᠷ ᠶᠠᠪᠤᠳᠠᠯ ᠳᠤ ᠮᠡᠳᠡᠭᠦᠯᠦᠨ ᠬᠦᠷᠭᠡᠬᠦ ᠴᠢᠬᠤᠯᠠᠲᠠᠢ ᠣᠯᠠᠨ ᠵᠦᠢᠯ ᠤᠨ ᠴᠠᠭᠠᠰᠤᠨ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠪᠤᠶᠤ ᠲᠣᠬᠢᠷᠠᠭᠤᠯᠬᠤ ᠶᠠᠪᠤᠳᠠᠯ ᠪᠣᠯᠣᠨ᠎ᠠ᠃      · ᠤᠴᠢᠷ ᠶᠠᠪᠤᠳᠠᠯ ᠢ ᠬᠠᠰᠤᠬᠤ ᠭᠡᠳᠡᠭ ᠨᠢ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠭᠰᠠᠨ ᠪᠠᠷᠠᠭ᠎ᠠ ᠶᠢ ᠬᠤᠷᠢᠶᠠᠨ ᠭᠤᠪᠢᠭᠤᠯᠬᠤ ᠶᠢᠨ ᠠᠷᠭ᠎ᠠ ᠦᠭᠡᠢ ᠦᠶᠡᠰ ᠳᠠᠭᠢᠵᠤ ᠬᠡᠷᠡᠭ ᠤᠨ ᠡᠮᠦᠨ᠎ᠡ ᠮᠡᠳᠡᠭᠦᠯᠬᠦ ᠶᠢ ᠱᠠᠭᠠᠷᠳᠠᠬᠤ ᠦᠭᠡᠢ᠂ ᠠᠵᠤ ᠠᠬᠤᠶᠢᠯᠠᠯ ᠨᠢ ᠬᠤᠯᠪᠣᠭᠳᠠᠯ ᠪᠦᠬᠦᠢ ᠮᠠᠲ᠋ᠧᠷᠢᠶᠠᠯ ᠢ ᠥᠪᠡᠷᠲᠡᠭᠡᠨ ᠦᠯᠡᠳᠡᠭᠡᠨ ᠬᠠᠳᠠᠭᠠᠯᠠᠵᠤ᠂ ᠬᠢᠨᠠᠨ ᠪᠠᠶᠢᠴᠠᠭᠠᠬᠤ ᠳᠤ ᠪᠡᠯᠡᠳᠬᠡᠬᠦ ᠶᠢ ᠬᠡᠯᠡᠨ᠎ᠡ᠃      · ᠴᠠᠭᠠᠰᠤᠨ ᠭᠡᠷᠡᠴᠢᠯᠡᠭᠡ ᠶᠢ ᠬᠠᠰᠤᠬᠤ ᠭᠡᠳᠡᠭ ᠨᠢ ︽ᠪᠠᠷᠠᠭ᠎ᠠ ᠶᠢ ᠭᠠᠳᠠᠭᠠᠳᠤ ᠳᠤ ᠣᠷᠣᠯᠠᠨ ᠭᠠᠷᠭᠠᠬᠤ ᠭᠡᠷᠡᠴᠢᠯᠡᠭᠡ ︾ ᠵᠡᠷᠭᠡ 6 ᠲᠥᠷᠥᠯ ᠤᠨ ᠭᠠᠷᠭᠠᠯᠲᠠ ᠶᠢᠨ ᠭᠠᠶᠢᠯᠢ ᠪᠤᠴᠠᠭᠠᠯᠲᠠ ᠶᠢᠨ ᠭᠡᠷᠡᠴᠢᠯᠡᠭᠡ ᠭᠠᠷᠭᠠᠬᠤ ᠠᠷᠭ᠎ᠠ ᠶᠢ ᠴᠠᠭᠠᠰᠤᠨ ᠭᠡᠷᠡᠴᠢᠯᠡᠭᠡ ᠠᠴᠠ ᠨᠢ ᠡᠯᠧᠺᠲᠷᠣᠨ ᠭᠡᠷᠡᠴᠢᠯᠡᠭᠡ ᠪᠣᠯᠭᠠᠵᠤ᠂ ᠠᠵᠤ ᠠᠬᠤᠶᠢᠯᠠᠯ ᠬᠤᠶᠢᠰᠢᠳᠠ ᠶᠢᠨ ᠭᠠᠶᠢᠯᠢ ᠳᠤ ᠬᠤᠯᠪᠣᠭᠳᠠᠬᠤ ᠤᠴᠢᠷ ᠶᠠᠪᠤᠳᠠᠯ ᠢ ᠰᠢᠢᠳᠪᠦᠷᠢᠯᠡᠬᠦ ᠳᠤ ᠪᠠᠨ ᠴᠠᠭᠠᠰᠤᠨ ᠭᠡᠷᠡᠴᠢᠯᠡᠭᠡ ᠶᠢ ᠠᠰ ᠲᠤ ᠨᠢ ᠮᠡᠳᠡᠭᠦᠯᠦᠨ ᠬᠦᠷᠭᠡᠬᠦ ᠴᠢᠬᠤᠯᠠ ᠦᠭᠡᠢ᠂ ᠬᠠᠷᠢᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠡᠯᠧᠺᠲᠷᠣᠨ ᠭᠡᠷᠡᠴᠢᠯᠡᠭᠡ ᠶᠢᠨ ᠮᠡᠳᠡᠭᠡ ᠵᠠᠩᠭᠢ ᠶᠢ ᠪᠠᠶᠢᠴᠠᠭᠠᠬᠤ ᠶᠢ ᠬᠡᠯᠡᠨ᠎ᠡ᠃      ︽ᠭᠤᠷᠪᠠ ᠶᠢ ᠨᠡᠮᠡᠬᠦ︾ ᠭᠡᠳᠡᠭ ᠨᠢ ᠡᠷᠴᠢᠮ ᠢ ᠴᠢᠩᠭᠠᠷᠠᠭᠤᠯᠵᠤ᠂ ᠠᠷᠭ᠎ᠠ ᠮᠠᠶ᠋ᠢᠭ ᠨᠡᠮᠡᠬᠦ᠂ ᠳᠥᠭᠦᠮ ᠦᠢᠯᠡᠴᠢᠯᠡᠭᠡ ᠨᠡᠮᠡᠬᠦ ᠶᠢ ᠵᠢᠭᠠᠵᠤ ᠪᠠᠶᠢᠨ᠎ᠠ᠃      · ᠡᠷᠴᠢᠮ ᠢᠶᠠᠨ ᠴᠢᠩᠭᠠᠷᠠᠭᠤᠯᠬᠤ ᠭᠡᠳᠡᠭ ᠨᠢ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ ︽ᠥᠯᠥ ᠣᠶᠢᠷᠠᠲᠤᠯᠴᠠᠬᠤ︾ ᠭᠦᠢᠴᠡᠳᠬᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠭᠠᠷᠭᠠᠯᠲᠠ ᠶᠢᠨ ᠦᠢᠯᠡᠳᠬᠦᠨ ᠤ ᠭᠠᠶᠢᠯᠢ ᠪᠤᠴᠠᠭᠠᠯᠲᠠ ᠶᠢᠨ ᠮᠡᠳᠡᠭᠦᠯᠬᠦ᠂ ᠬᠢᠨᠠᠨ ᠬᠠᠷᠭᠤᠭᠤᠯᠬᠤ᠂ ᠬᠠᠷᠢᠭᠤ ᠲᠤᠰᠬᠠᠬᠤ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠬᠡᠷᠡᠭᠵᠢᠭᠦᠯᠬᠦ ᠶᠠᠪᠤᠳᠠᠯ ᠪᠣᠯᠣᠨ᠎ᠠ᠃      · ᠠᠷᠭ᠎ᠠ ᠮᠠᠶ᠋ᠢᠭ ᠨᠡᠮᠡᠬᠦ ᠭᠡᠳᠡᠭ ᠨᠢ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠳᠠᠩᠰᠠᠯᠠᠯᠲᠠ ᠶᠢᠨ ᠪᠢᠴᠢᠭ ᠪᠠᠷᠢᠮᠲᠠ ᠶᠢ ᠦᠯᠡᠳᠡᠭᠡᠨ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠬᠦ ᠠᠷᠭ᠎ᠠ ᠮᠠᠶ᠋ᠢᠭ ᠢ ᠨᠡᠮᠡᠭᠳᠡᠭᠦᠯᠵᠦ᠂ ᠠᠵᠤ ᠠᠬᠤᠶᠢᠯᠠᠯ ᠤᠨ ᠥᠪᠡᠷᠰᠡᠳ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠴᠠᠭᠠᠰᠤᠵᠢᠭᠤᠯᠬᠤ᠂ ᠳᠦᠷᠢᠴᠢᠯᠡᠬᠦ᠂ ᠲᠣᠭᠠᠴᠢᠯᠠᠬᠤ ᠠᠷᠭ᠎ᠠ ᠮᠠᠶ᠋ᠢᠭ ᠢ ᠠᠮᠢᠳᠤᠯᠢᠭ ᠢᠶᠠᠷ ᠰᠣᠩᠭᠤᠵᠤ ᠳᠠᠩᠰᠠᠯᠠᠯᠲᠠ ᠶᠢᠨ ᠪᠢᠴᠢᠭ ᠪᠠᠷᠢᠮᠲᠠ ᠪᠠᠨ ᠦᠯᠡᠳᠡᠭᠡᠨ ᠬᠠᠳᠠᠭᠠᠯᠠᠬᠤ ᠶᠢ ᠨᠢ ᠳᠡᠮᠵᠢᠨ᠎ᠡ᠃      · ᠳᠥᠭᠦᠮ ᠦᠢᠯᠡᠴᠢᠯᠡᠭᠡ ᠨᠡᠮᠡᠬᠦ ᠭᠡᠳᠡᠭ ᠨᠢ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠮᠡᠳᠡᠭᠦᠯᠦᠯᠲᠡ ᠶᠢᠨ ︽ᠲᠠᠭᠯᠠᠨ ᠮᠡᠳᠡᠭᠦᠯᠬᠦ ᠠᠴᠠ ᠬᠡᠯᠲᠦᠷᠢᠭᠦᠯᠬᠦ︾ ᠵᠦᠢᠯ ᠢ ᠨᠡᠮᠡᠵᠦ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠠᠵᠢᠯ ᠢ ᠭᠦᠢᠴᠡᠳᠬᠡᠬᠦ ᠠᠬᠢᠴᠠ ᠵᠡᠷᠭᠡ ᠳᠤ ᠰᠠᠨᠠᠭᠤᠯᠬᠤ ᠦᠢᠯᠡᠴᠢᠯᠡᠭᠡ ᠨᠡᠮᠡᠬᠦ ᠶᠠᠪᠤᠳᠠᠯ ᠪᠣᠯᠣᠨ᠎ᠠ᠃      ︽ᠭᠤᠷᠪᠠ ᠶᠢ ᠲᠦᠷᠭᠡᠳᠬᠡᠬᠦ︾ ᠭᠡᠳᠡᠭ ᠨᠢ ᠭᠠᠶᠢᠯᠢ ᠪᠤᠴᠠᠭᠠᠯᠲᠠ ᠶᠢᠨ ᠭᠦᠢᠴᠡᠳᠬᠡᠬᠦ ᠬᠤᠷᠳᠤᠴᠠ ᠶᠢ ᠲᠦᠷᠭᠡᠳᠬᠡᠵᠦ᠂ ᠪᠤᠴᠠᠭᠠᠨ ᠲᠡᠭᠡᠭᠡᠪᠦᠷᠢᠯᠡᠬᠦ ᠳᠤ ᠪᠣᠭᠤᠮᠲᠠ ᠪᠠᠷ ᠥᠩᠭᠡᠷᠡᠬᠦ ᠶᠢ ᠲᠦᠷᠭᠡᠳᠬᠡᠵᠦ᠂ ᠲᠤᠬᠠᠢ ᠶᠢᠨ ᠭᠠᠵᠠᠷ ᠲᠤ  ᠨᠢ ᠬᠠᠷᠭᠤᠭᠤᠯᠤᠨ ᠪᠠᠶᠢᠴᠠᠭᠠᠬᠤ ᠶᠢ ᠲᠦᠷᠭᠡᠳᠬᠡᠬᠦ ᠶᠢ ᠵᠢᠭᠠᠵᠤ ᠪᠣᠶ᠃      · ᠭᠠᠶᠢᠯᠢ ᠪᠤᠴᠠᠭᠠᠯᠲᠠ ᠶᠢᠨ ᠭᠦᠢᠴᠡᠳᠬᠡᠬᠦ ᠬᠤᠷᠳᠤᠴᠠ ᠶᠢ ᠲᠦᠷᠭᠡᠳᠬᠡᠬᠦ ᠭᠡᠳᠡᠭ ᠨᠢ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠡᠯ᠎ᠡ ᠵᠦᠢᠯ ᠤᠨ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠠᠬᠢᠴᠠ ᠶᠢ ᠦᠷᠭᠦᠯᠵᠢᠯᠡᠭᠦᠯᠦᠨ ᠲᠦᠷᠭᠡᠳᠬᠡᠬᠦ ᠶᠠᠪᠤᠳᠠᠯ ᠪᠣᠯᠣᠨ᠎ᠠ᠃      · ᠪᠤᠴᠠᠭᠠᠨ ᠲᠡᠭᠡᠭᠡᠪᠦᠷᠢᠯᠡᠬᠦ ᠳᠤ ᠪᠣᠭᠤᠮᠲᠠ ᠪᠠᠷ ᠥᠩᠭᠡᠷᠡᠬᠦ ᠬᠤᠷᠳᠤᠴᠠ ᠶᠢ ᠲᠦᠷᠭᠡᠳᠬᠡᠬᠦ ᠭᠡᠳᠡᠭ ᠨᠢ ︽ᠭᠠᠳᠠᠭᠠᠳᠤ ᠳᠤ ᠭᠠᠷᠭᠠᠬᠤ ᠪᠠᠷᠠᠭᠠᠨ ᠤ ᠭᠠᠶᠢᠯᠢ ᠨᠥᠬᠦᠪᠦᠷᠢᠯᠡᠭᠰᠡᠨ / ᠭᠠᠶᠢᠯᠢ ᠦᠯᠦ ᠪᠤᠴᠠᠭᠠᠭᠰᠠᠨ ᠭᠡᠷᠡᠴᠢᠯᠡᠭᠡ︾ ᠶᠢᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠢᠳᠡᠪᠬᠢᠲᠡᠢ ᠪᠠᠷ ᠠᠬᠢᠭᠤᠯᠵᠤ᠂ ᠭᠠᠳᠠᠭᠠᠳᠤ ᠳᠤ ᠭᠠᠷᠭᠠᠬᠤ ᠪᠠᠷᠠᠭᠠᠨ ᠤ ᠪᠤᠴᠠᠭᠠᠨ ᠲᠡᠭᠡᠭᠡᠪᠦᠷᠢᠯᠡᠵᠦ ᠪᠣᠭᠤᠮᠲᠠ ᠪᠠᠷ ᠥᠩᠭᠡᠷᠡᠬᠦ ᠳᠤ ᠮᠡᠳᠡᠭᠡ ᠵᠠᠩᠭᠢ ᠶᠢ ᠪᠠᠶᠢᠴᠠᠭᠠᠨ ᠰᠢᠯᠭᠠᠵᠤ ᠪᠣᠯᠬᠤᠶᠢᠴᠠ ᠵᠦᠢᠯ ᠳᠤ ᠴᠠᠭᠠᠰᠤᠨ ᠭᠡᠷᠡᠴᠢᠯᠡᠭᠡ ᠶᠢ ᠳᠠᠭᠢᠵᠤ ᠮᠡᠳᠡᠭᠦᠯᠦᠨ ᠬᠦᠷᠭᠡᠭᠦᠯᠬᠦ ᠪᠠᠷ ᠱᠠᠭᠠᠷᠳᠠᠬᠤ ᠦᠭᠡᠢ ᠪᠠᠶᠢᠵᠤ᠂ ᠪᠤᠴᠠᠭᠠᠨ ᠲᠡᠭᠡᠭᠡᠪᠦᠷᠢᠯᠡᠬᠦ ᠳᠤ ᠪᠣᠭᠤᠮᠲᠠ ᠪᠠᠷ ᠥᠩᠭᠡᠷᠡᠬᠦ ᠶᠢ ᠲᠦᠷᠭᠡᠳᠬᠡᠬᠦ ᠶᠠᠪᠤᠳᠠᠯ ᠪᠣᠯᠣᠨ᠎ᠠ᠃      · ᠲᠤᠬᠠᠢ ᠶᠢᠨ ᠭᠠᠵᠠᠷ ᠲᠤ ᠨᠢ ᠬᠠᠷᠭᠤᠭᠤᠯᠤᠨ ᠪᠠᠶᠢᠴᠠᠭᠠᠬᠤ ᠶᠢ ᠲᠦᠷᠭᠡᠳᠬᠡᠬᠦ ᠭᠡᠳᠡᠭ ᠨᠢ ᠲᠤᠬᠠᠢ ᠶᠢᠨ ᠭᠠᠵᠠᠷ ᠲᠤ  ᠨᠢ ︽ᠳᠤᠲᠠᠭᠤ ᠶᠢ ᠨᠢ ᠭᠦᠢᠴᠡᠳᠬᠡᠬᠦ︾ ᠬᠠᠷᠭᠤᠭᠤᠯᠤᠨ ᠪᠠᠶᠢᠴᠠᠭᠠᠯᠲᠠ ᠶᠢ ᠢᠳᠡᠪᠬᠢᠲᠡᠢ ᠬᠡᠷᠡᠭᠵᠢᠭᠦᠯᠵᠦ᠂ ᠭᠠᠶᠢᠯᠢ ᠪᠤᠴᠠᠭᠠᠯᠲᠠ ᠶᠢ ᠲᠤᠬᠠᠢ ᠶᠢᠨ ᠭᠠᠵᠠᠷ ᠲᠤ ᠨᠢ ᠬᠠᠷᠭᠤᠭᠤᠯᠤᠨ ᠪᠠᠶᠢᠴᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠠᠪᠤᠳᠠᠯ ᠪᠣᠯᠣᠨ᠎ᠠ᠃      Q5      Q᠄ ᠡᠨᠡ ᠵᠢᠯ ᠳᠤᠮᠳᠠ ᠵᠢᠵᠢᠭ ᠪᠢᠴᠢᠯ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠠᠪᠰᠤᠷᠴᠤ ᠬᠦᠴᠢᠷᠳᠡᠯ ᠢ  ᠨᠢ ᠰᠢᠢᠳᠪᠦᠷᠢᠯᠡᠬᠦ ᠲᠠᠯ᠎ᠠ ᠪᠠᠷ ᠶᠠᠮᠠᠷ ᠠᠷᠭ᠎ᠠ ᠬᠡᠮᠵᠢᠶ᠎ᠡ ᠪᠠᠶᠢᠬᠤ ᠪᠤᠢ︖      A᠄ ᠢᠲᠡᠭᠡᠮᠵᠢ ᠶᠢᠨ ᠳᠠᠭᠠᠳᠬᠠᠯ ᠤᠨ ᠳᠡᠮᠵᠢᠯᠭᠡ ᠶᠢ ᠨᠡᠮᠡᠭᠳᠡᠭᠦᠯᠵᠦ᠂ ᠠᠵᠤ ᠠᠬᠤᠶᠢᠯᠠᠯ ᠤᠨ ᠭᠤᠪᠢᠭᠤᠯᠭ᠎ᠠ ᠶᠢᠨ ᠠᠮᠤᠷ ᠲᠦᠪᠰᠢᠨ ᠢ ᠪᠠᠲᠤᠯᠠᠨ᠎ᠠ᠃ ᠡᠨᠡ ᠵᠢᠯ ᠤᠨ 2 ᠳ᠋ᠤᠭᠠᠷ ᠰᠠᠷ᠎ᠠ ᠳᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠪᠣᠯᠣᠨ ᠳᠤᠮᠳᠠᠳᠤ ᠤᠯᠤᠰ ᠤᠨ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠺᠣᠮᠫᠠᠨᠢ ᠬᠤᠯᠪᠣᠭᠠᠯᠠᠨ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠳᠡᠮᠵᠢᠯᠭᠡ ᠶᠢ ᠨᠡᠮᠡᠭᠳᠡᠭᠦᠯᠵᠦ ᠭᠠᠳᠠᠭᠠᠳᠤ ᠠᠷᠠᠯᠵᠢᠶ᠎ᠠ ᠶᠢᠨ ᠠᠵᠢᠯ ᠢ ᠤᠯᠠᠮ ᠨᠢᠭᠡ ᠠᠯᠬᠤᠮ ᠲᠣᠭᠲᠠᠪᠤᠷᠢᠵᠢᠭᠤᠯᠬᠤ ᠲᠤᠬᠠᠢ ᠮᠡᠳᠡᠭᠳᠡᠯ ᠳᠠᠷᠤᠮᠠᠯᠯᠠᠨ ᠲᠠᠷᠬᠠᠭᠠᠪᠠ᠃ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠪᠠᠶᠢᠭᠤᠯᠤᠮᠵᠢ ᠶᠢᠨ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠳᠠᠭᠠᠳᠬᠠᠯ ᠬᠦᠯᠢᠶᠡᠬᠦ ᠪᠠ ᠲᠥᠯᠥᠪᠦᠷᠢ ᠥᠭᠬᠦ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢ ᠠᠬᠢᠭᠤᠯᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃      · ᠲᠤᠰᠬᠠᠢ ᠪᠡᠯᠡ ᠮᠥᠩᠭᠦ ᠶᠢᠨ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠢ  ᠨᠢ ᠥᠷᠭᠡᠳᠬᠡᠨ᠎ᠡ᠃ ᠡᠯ᠎ᠡ ᠭᠠᠵᠠᠷ ᠢ ᠵᠢᠯᠣᠭᠤᠳᠴᠤ ᠭᠠᠳᠠᠭᠠᠳᠤ ᠠᠵᠤ ᠠᠬᠤᠢ ᠠᠷᠠᠯᠵᠢᠶᠠᠨ ᠤ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢᠨ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠦᠵᠡᠰᠬᠦᠯᠡᠩ ᠳᠤ ᠣᠷᠤᠯᠴᠠᠬᠤ ᠶᠢ ᠳᠡᠮᠵᠢᠬᠦ ᠪᠠᠷ ᠳᠠᠮᠵᠢᠭᠤᠯᠤᠨ᠂ ᠠᠷᠠᠯᠵᠢᠶᠠᠨ ᠤ ᠲᠣᠭᠠᠴᠢᠯᠠᠭᠰᠠᠨ ᠬᠥᠭᠵᠢᠯᠲᠡ ᠶᠢ ᠲᠦᠷᠭᠡᠳᠬᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠠᠩᠭᠠᠨ ᠪᠣᠷᠣᠯᠠᠭᠤᠯᠬᠤ ᠠᠷᠭ᠎ᠠ ᠵᠠᠮ ᠢ ᠬᠤᠯᠪᠣᠬᠤ ᠵᠡᠷᠭᠡ ᠪᠣᠯᠣᠨ᠎ᠠ᠃      · ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠨᠡᠶᠢᠯᠡᠭᠦᠯᠵᠦ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠎ᠡ᠃ ᠡᠯ᠎ᠡ ᠭᠠᠵᠠᠷ ᠤᠨ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠬᠤ ᠶᠢ ᠨᠢ ᠵᠢᠯᠤᠭᠤᠳᠴᠤ᠂ ᠵᠣᠯᠭᠠᠭᠤᠯᠬᠤ ᠲᠠᠪᠴᠠᠩ ᠪᠠᠶᠢᠭᠤᠯᠬᠤ᠂ ᠲᠤᠭ᠎ᠠ ᠪᠠᠷᠢᠮᠲᠠ ᠶᠢᠨ ᠢᠲᠡᠭᠡᠮᠵᠢ ᠶᠢ ᠨᠡᠮᠡᠭᠳᠡᠭᠦᠯᠬᠦ ᠳᠡᠮᠵᠢᠯᠭᠡ ᠦᠵᠡᠭᠦᠯᠬᠦ᠂ ᠰᠠᠭᠠᠳ ᠦᠭᠡᠢ ᠨᠡᠪᠲᠡᠷᠡᠬᠦ ᠵᠠᠮ ᠪᠠᠶᠢᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ᠂ ᠭᠠᠳᠠᠭᠠᠳᠤ ᠠᠷᠠᠯᠵᠢᠶ᠎ᠠ ᠶᠢᠨ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠬᠤ ᠶᠢ ᠨᠢ ᠠᠬᠢᠭᠤᠯᠵᠤ᠂ ᠪᠠᠩᠬᠢ ᠬᠢᠭᠡᠳ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠪᠠᠶᠢᠭᠤᠯᠤᠮᠵᠢ ᠶᠢᠨ ᠵᠣᠯᠭᠠᠭᠤᠯᠬᠤ ᠪᠠᠨ ᠴᠢᠩᠭᠠᠳᠬᠠᠬᠤ ᠶᠢ ᠵᠣᠷᠢᠭᠵᠢᠭᠤᠯᠤᠨ᠂ ᠳᠠᠭᠠᠳᠬᠠᠯ ᠤᠨ ᠬᠠᠭᠤᠳᠠᠰᠤ ᠶᠢᠨ ᠪᠡᠯᠡ ᠲᠣᠬᠢᠷᠠᠭᠤᠯᠭ᠎ᠠ ᠶᠢᠨ ᠬᠡᠪᠴᠢᠶ᠎ᠡ ᠶᠢ ᠥᠷᠭᠡᠳᠬᠡᠨ᠎ᠡ᠃      · ᠭᠠᠳᠠᠭᠠᠳᠤ ᠭᠤᠪᠢᠭᠤᠯᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠠᠶᠤᠯ ᠠᠴᠠ ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠢᠳᠤᠨᠤᠨ ᠠᠴᠠ ᠨᠠᠭᠠᠰᠢ᠂ ᠬᠤᠳᠠᠯᠳᠤᠭᠠᠨ ᠤ ᠶᠠᠪᠤᠳᠠᠯ ᠤᠨ ᠶᠠᠮᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ᠰᠦᠯᠵᠢᠶᠡᠨ ᠳᠡᠭᠡᠷᠡᠬᠢ ᠪᠣᠯᠪᠠᠰᠤᠷᠠᠯ ᠡᠷᠬᠢᠯᠡᠵᠦ᠂ ᠭᠤᠪᠢᠭᠤᠯᠭ᠎ᠠ ᠶᠢᠨ ᠨᠤᠷᠮ᠎ᠠ ᠶᠢᠨ ᠠᠶᠤᠯ ᠠᠴᠠ ᠵᠠᠶᠢᠯᠠᠬᠤ ᠭᠠᠷ ᠳᠡᠪᠲᠡᠷ ᠢ ᠨᠠᠶᠢᠷᠠᠭᠤᠯᠤᠨ ᠲᠠᠷᠬᠠᠭᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠢ ᠬᠠᠪᠰᠤᠷᠤᠨ ᠭᠤᠪᠢᠭᠤᠯᠭ᠎ᠠ ᠶᠢᠨ ᠨᠤᠷᠮ᠎ᠠ ᠶᠢᠨ ᠲᠦᠭᠰᠢᠭᠦᠷᠢ ᠶᠢᠨ ᠬᠠᠮᠢᠶᠠᠷᠤᠯᠲᠠ ᠶᠢᠨ ᠴᠢᠳᠠᠪᠤᠷᠢ ᠶᠢ ᠨᠢ ᠳᠡᠭᠡᠭᠰᠢᠯᠡᠭᠦᠯᠵᠦ᠂ ᠢᠳᠡᠪᠬᠢᠲᠡᠢ ᠦᠷ᠎ᠡ ᠪᠦᠲᠦᠮᠵᠢ ᠣᠯᠪᠠ᠃ ᠲᠠᠷᠠᠭᠠᠴᠢ ᠶᠢᠨ ᠠᠯᠬᠤᠮ ᠳᠤ ᠠᠶᠤᠯ ᠠᠴᠠ ᠵᠠᠶᠢᠯᠠᠬᠤ ᠦᠢᠯᠡᠳᠬᠦᠨ ᠤ ᠦᠢᠯᠡᠴᠢᠯᠡᠭᠡ ᠶᠢ ᠲᠡᠭᠦᠯᠳᠡᠷᠵᠢᠭᠦᠯᠬᠦ ᠶᠢ ᠠᠬᠢᠭᠤᠯᠬᠤ᠂ ᠪᠠᠩᠬᠢ ᠪᠠ ᠠᠵᠤ ᠠᠬᠤᠶᠢᠯᠠᠯ ᠤᠨ ᠵᠣᠯᠭᠠᠯᠴᠠᠭ᠎ᠠ ᠶᠢ ᠠᠬᠢᠭᠤᠯᠬᠤ᠂ ᠠᠷᠠᠳ ᠤᠨ ᠵᠣᠭᠤᠰ ᠤᠨ ᠬᠢᠯᠢ ᠠᠯᠤᠰᠯᠠᠨ ᠲᠡᠰᠦᠯᠦᠨ ᠪᠤᠳᠤᠬᠤ ᠶᠢᠨ ᠲᠥᠬᠦᠮ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠤᠯᠪᠣᠭᠳᠠᠯ ᠪᠦᠬᠦᠢ ᠠᠵᠢᠯ ᠢ ᠦᠷᠭᠦᠯᠵᠢᠯᠡᠨ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号