ᠴᠧᠨ ᠶᠠᠨ ᠪᠦᠦ ᠭᠤᠣᠯᠳᠠᠯᠭ᠎ᠠ ᠲᠠᠢ ᠲᠥᠷᠥᠯ ᠵᠦᠢᠯ ᠤᠨ ᠪᠠᠶᠢᠭᠤᠯᠤᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/6/10
 6 ᠰᠠᠷ᠎ᠠ ᠶᠢᠨ 8 ᠤ ᠡᠳᠦᠷ᠂  ᠬᠤᠰᠢᠭᠤ ᠨᠠᠮ ᠤᠨ ᠬᠤᠷᠢᠶᠠᠨ ᠤ  ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠴᠧᠨ ᠶᠠᠨ ᠪᠦᠦ ᠴᠢᠶᠠᠨ ᠶᠢᠨ ᠭᠸᠦ ᠪᠠᠯᠭᠠᠰᠤᠨ ᠳᠤ ᠬᠦᠨᠵᠡᠬᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠴᠧᠨ ᠶᠠᠨ ᠪᠦᠦ ᠤᠷᠢᠳ ᠬᠤᠵᠢᠳ ᠴᠢᠶᠠᠨ ᠶᠢᠨ ᠭᠧᠦ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠬᠠᠮᠢᠶᠠᠷᠤᠯᠲᠠ ᠶᠢᠨ ᠦᠷᠳᠡᠭᠡ᠂ ᠲᠠᠢ ᠰᠢ ᠲᠡᠮᠦᠷ ᠵᠠᠮ ᠤᠨ ᠦᠷᠳᠡᠭᠡᠨ ᠤ ᠰᠤᠩᠭᠤᠭᠰᠠᠨ ᠨᠤᠳᠤᠭ᠂ ᠰᠢ  ᠫᠦᠸᠧ ᠲᠣᠰᠬᠤᠨ ᠤ ᠬᠥᠮᠥᠨ ᠮᠠᠯ ᠢ ᠰᠠᠯᠭᠠᠬᠤ ᠲᠦᠷᠦᠯ ᠵᠦᠢᠯ ᠤᠨ ᠠᠬᠤᠢ ᠲᠠᠯᠠᠪᠠᠢ ᠳᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂  ᠪᠠᠷᠢᠯᠭ᠎ᠠ ᠵᠨ ᠠᠵᠢᠯ ᠵᠡᠷᠭᠡ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠤ ᠲᠠᠷᠠᠭ᠎ᠠ᠂  ᠭᠠᠵᠠᠷ ᠣᠷᠣᠨ ᠭᠠᠴᠠᠭ᠎ᠠ ᠲᠣᠰᠬᠤᠨ ᠤ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂  ᠣᠷᠴᠢᠨ ᠲᠤᠭᠤᠷᠢᠨ ᠤ ᠵᠠᠰᠠᠯᠳᠠ ᠪᠠ  ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠪᠦᠲᠦᠮᠵᠢᠲᠡᠶ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠤᠭᠤᠷᠢᠨ ᠤ ᠵᠠᠰᠠᠯᠳᠠ ᠶᠢᠨ ᠠᠵᠢᠯ ᠢ ᠨᠠᠩ ᠯᠠᠪᠳᠠᠭᠤᠨ ᠪᠠᠲᠤᠲᠠᠢ ᠪᠥᠭᠡᠳ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠢ ᠭᠡᠵᠡᠢ᠃  ᠴᠧᠨ ᠶᠠᠨ ᠪᠦᠦ ᠪᠠᠰᠠ ᠬᠡᠲᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠬᠦᠢᠲᠡᠨ ᠬᠡᠯᠬᠢᠶᠡᠲᠦ ᠡᠳ᠋ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ᠂   ᠤᠶᠤᠨᠴᠢ ᠭᠠᠯ ᠤᠨᠲᠠᠷᠠᠭᠠᠬᠤ ᠲᠥᠬᠦᠭᠡᠷᠦᠮᠵᠢ   ᠶᠢᠨ ᠦᠢᠯᠡᠳᠪᠦᠷᠢ ᠵᠡᠷᠭᠡ ᠲᠥᠷᠥᠯ ᠵᠦᠢᠯ   ᠤᠨ ᠭᠠᠵᠠᠷ ᠲᠤ ᠬᠦᠷᠴᠦ᠂  ᠦᠢᠯᠡᠳᠪᠦᠷᠢᠯᠡᠯ ᠰᠡᠷᠬᠦᠬᠡᠵᠦ ᠠᠵᠢᠯ  ᠢᠶᠠᠨ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠭᠰᠠᠨ ᠪᠥᠭᠡᠳ ᠬᠤᠯᠪᠣᠭᠳᠠᠯ ᠪᠦᠬᠦᠢ ᠠᠵᠢᠯ  ᠤᠨ ᠲᠠᠯᠠᠪᠠᠷ ᠪᠣᠳᠠᠲᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠲᠡᠷᠡ ᠴᠢᠬᠤᠯᠠᠴᠢᠯᠠᠬᠤ ᠳᠠᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠰᠠᠶᠢᠲᠤᠷ ᠲᠥᠯᠥᠪᠵᠢᠭᠦᠯᠵᠦ᠂ ᠪᠠᠷᠢᠯᠭ᠎ᠠ ᠶᠢᠨ ᠭᠠᠵᠠᠷ ᠤᠨ ᠬᠢᠵᠢᠭ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠵᠤ᠂ ᠬᠢᠵᠢᠭ  ᠰᠡᠷᠭᠡᠶᠢᠯᠡᠬᠦ ᠠᠵᠢᠯ ᠢ ᠰᠠᠶᠢᠨ ᠬᠢᠭᠰᠡᠨ ᠤᠷᠢᠲᠠᠯ ᠳᠣᠣᠷ᠎ᠠ ᠲᠦᠷᠦᠯ ᠵᠦᠢᠯ ᠤᠨ ᠠᠬᠢᠴᠠ ᠶᠢ ᠲᠦᠷᠭᠡᠳᠬᠡᠨ᠂ ᠲᠦᠷᠦᠯ ᠵᠦᠢᠯ ᠤᠨ ᠪᠠᠶᠢᠭᠤᠯᠤᠯᠲᠠ ᠶᠢ ᠤᠷᠤᠭᠰᠢᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃  ᠴᠢᠶᠠᠨ ᠶᠢᠨ ᠭᠸᠦ   ᠪᠠᠯᠭᠠᠰᠤᠨ  ᠤ ᠤᠳᠤᠷᠢᠳᠤᠯᠭ᠎ᠠ ᠪᠠ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ  ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号