ᠬᠠᠯᠠᠭᠤᠨ ᠰᠡᠳᠬᠢᠯ ᠲᠠᠢ ᠰᠠᠶᠢᠨ ᠲᠤᠷᠠᠳᠠᠳ ᠬᠢᠵᠢᠭ ᠲᠠᠢ ᠲᠡᠮᠡᠴᠡᠬᠦ ᠲᠠᠶᠢᠨ ᠳᠤ ᠭᠠᠪᠰᠢᠭᠠᠶᠢᠯᠠᠨ᠎ᠠ
ᠨᠡᠶᠢᠲᠡᠯᠡᠭᠰᠡᠨ ᠴᠠᠭ᠄
2022/6/10
 ᠬᠢᠵᠢᠭ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠶᠢᠨ ᠲᠤᠰᠠᠳᠠ᠂ 6 ᠰᠠᠷ᠎ᠠ ᠶᠢᠨ 7 ᠤ ᠡᠳᠦᠷ ᠲᠠᠶᠢᠹᠤᠰᠧ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠰᠠᠨᠠᠭᠠᠴᠢᠯᠠᠭ᠎ᠠ ᠭᠠᠷᠭᠠᠵᠤ᠂  ᠲᠤᠰ ᠬᠤᠰᠢᠭᠤᠨ ᠤ ᠪᠠᠨ ᠥᠷᠭᠡᠨ ᠣᠯᠠᠨ ᠵᠠᠯᠠᠭᠤᠴᠤᠳ᠂ ᠨᠡᠶᠢᠭᠡᠮ ᠤᠨ ᠬᠠᠯᠠᠭᠤᠨ ᠰᠡᠳᠬᠢᠯᠳᠦ ᠬᠥᠮᠥᠰ᠂ ᠰᠠᠶᠢᠨ ᠳᠤᠷ᠎ᠠ ᠶᠢᠨ ᠠᠵᠢᠯᠯᠠᠭᠴᠢᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠢᠯᠡᠴᠢᠯᠡᠭᠡ ᠳᠤ ᠢᠳᠡᠪᠬᠢᠲᠡᠢ ᠣᠷᠤᠯᠴᠠᠬᠤ ᠶᠢ ᠤᠷᠢᠶᠠᠯᠠᠭᠰᠠᠨ ᠪᠠᠶᠢᠨ᠎ᠠ ᠃ ᠠᠯᠪᠠᠨ ᠵᠠᠷ ᠨᠡᠶᠢᠲᠡᠯᠡᠭᠳᠡᠮᠡᠭᠴᠡ ᠨᠡᠶᠢᠭᠡᠮ ᠤᠨ ᠡᠯ᠎ᠡ ᠡᠲᠡᠭᠡᠳ ᠤᠨ ᠬᠠᠯᠠᠭᠤᠨ ᠰᠡᠳᠬᠢᠯᠲᠦ ᠬᠥᠮᠥᠰ ᠢᠳᠡᠪᠬᠢᠲᠡᠢ   ᠪᠠᠷ ᠨᠡᠷ᠎ᠡ ᠮᠡᠳᠡᠬᠦᠯᠵᠦ᠂  ᠰᠠᠶᠢᠨ ᠲᠤᠷ᠎ᠠ ᠶᠢᠨ ᠦᠢᠯᠡᠴᠢᠯᠡᠭᠴᠢ ᠶᠢᠨ ᠡᠩᠨᠡᠬᠡᠨ ᠳᠤ ᠤᠷᠤᠵᠠᠭᠠᠯ᠎ᠠ᠃ 6 ᠰᠠᠷ᠎ᠠ ᠶᠢᠨ 8 ᠤ ᠦᠳᠡ ᠶᠢᠨ ᠡᠮᠦᠨ᠎ᠡ᠂ ᠰᠠᠶᠢᠨ ᠲᠤᠷᠠᠳᠠᠳ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠠᠵᠢᠯᠲᠠᠨ ᠤ ᠵᠢᠯᠣᠭᠤᠳᠤᠯᠭ᠎ᠠ ᠳᠣᠣᠷ᠎ᠠ᠂  ᠡᠮᠬᠢ ᠵᠢᠷᠤᠮ ᠲᠠᠢ ᠪᠠᠷ ᠪᠥᠭᠡᠮ ᠬᠦᠴᠢᠯ ᠤᠨ ᠪᠠᠶᠢᠴᠠᠭᠠᠯᠲᠠ ᠬᠢᠪᠡ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠬᠡᠰᠢᠭᠲᠦ  ᠠᠬᠤᠢ ᠲᠠᠯᠠᠪᠠᠢ ᠳᠤ ᠬᠦᠷᠴᠦ ᠠᠵᠢᠯ ᠢ ᠵᠢᠯᠤᠭᠤᠳᠴᠠᠢ᠃ ᠦᠳᠡ ᠶᠢᠨ ᠬᠤᠶᠢᠨ᠎ᠠ ᠨᠢ ᠣᠨᠴᠠ ᠤᠷᠢᠭᠰᠠᠨ ᠲᠤᠰᠬᠠᠢ ᠮᠡᠷᠭᠡᠵᠢᠯ ᠤᠨ ᠠᠵᠢᠯᠲᠠᠨ ᠠᠴᠠ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠥᠬᠦ ᠶᠠᠪᠤᠴᠠ᠂ ᠬᠠᠮᠠᠭᠠᠯᠠᠯᠲᠠ ᠶᠢᠨ ᠬᠤᠪᠴᠠᠰᠤ ᠶᠢ ᠡᠮᠦᠰᠴᠦ ᠲᠠᠶᠢᠯᠬᠤ  ᠂ ᠡᠮᠴᠢᠯᠡᠭᠡᠨ ᠤ ᠬᠠᠶᠠᠭᠳᠠᠮᠠᠯ ᠪᠤᠳᠠᠰ ᠢ ᠰᠢᠢᠳᠪᠦᠷᠢᠯᠡᠬᠦ ᠵᠡᠷᠭᠡ ᠠᠵᠢᠯ ᠤᠨ ᠲᠣᠭᠤᠷᠢᠨ ᠳᠤ ᠲᠠᠶᠢᠯᠤᠮᠵᠢ ᠪᠠ ᠦᠵᠡᠭᠦᠯᠦᠯᠭᠡ  ᠬᠢᠵᠦ᠂ ᠰᠠᠶᠢᠨ ᠲᠤᠷᠠᠳᠠᠳ ᠤᠨ ᠰᠡᠷᠭᠡᠶᠢᠯᠡᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂  ᠲᠡᠳᠡᠨ ᠳᠤ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠢᠯᠡᠬᠦᠦ ᠣᠶᠢᠯᠠᠭᠠᠭᠤᠯᠵᠤ᠂ ᠬᠢᠵᠢᠭ ᠰᠡᠷᠭᠡᠶᠢᠯᠡᠬᠦ ᠠᠵᠢᠯ ᠤᠨ ᠤᠷ᠎ᠠ ᠲᠡᠮ ᠢ  ᠡᠵᠡᠮᠰᠢᠬᠦᠯᠦᠨ᠂ ᠰᠠᠶᠢᠨ ᠳᠤᠷ᠎ᠠ ᠶᠢᠨ ᠦᠢᠯᠡᠴᠢᠯᠡᠭᠡ ᠶᠢ ᠠᠮᠤᠷ ᠲᠦᠪᠰᠢᠨ ᠥᠷᠨᠢᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠰᠠᠶᠢᠨ ᠳᠤᠷ᠎ᠠ ᠶᠢᠨ ᠦᠢᠯᠡᠴᠢᠯᠡᠭᠡ ᠶᠡᠷᠦ ᠠᠴᠠ ᠲᠤᠳᠠᠭ᠎ᠠ ᠦᠭᠡᠢ᠃  ᠲᠠᠶᠢᠹᠤᠰᠧ ᠬᠤᠰᠢᠭᠤᠨ ᠤ ᠨᠠᠮ ᠤᠨ ᠭᠡᠰᠢᠭᠦᠨ᠂ ᠺᠠᠳ᠋ᠷ ᠠᠵᠢᠯᠳᠠᠨ᠂ ᠤᠯᠠᠨ ᠲᠦᠮᠡᠨ ᠰᠠᠨᠠᠭᠠᠴᠢᠯᠠᠭ᠎ᠠ ᠠᠴᠠ ᠪᠠᠨ ᠬᠢᠵᠢᠭ ᠰᠡᠷᠭᠡᠶᠢᠯᠡᠬᠦ ︽ᠤᠳᠤᠭ᠎ᠠ ᠦᠬᠡᠢ ᠲᠠᠶᠢᠨ︾ ᠳᠤ ᠭᠠᠪᠰᠢᠭᠠᠶᠢᠯᠠᠨ  ᠤᠷᠤᠯᠴᠠᠵᠠᠭᠠᠵᠤ᠂  ᠰᠡᠳᠬᠢᠯ  ᠨᠢᠬᠡᠳᠭᠡᠵᠦ ᠬᠦᠴᠦ ᠬᠠᠮᠳᠤᠳᠬᠠᠨ᠂ ᠦᠢᠯᠡ ᠠᠵᠢᠯᠯᠠᠭ᠎ᠠ ᠪᠠᠷ ᠢᠶᠠᠨ ᠤᠭ ᠰᠠᠨᠠᠭ᠎ᠠ ᠪᠠᠨ ᠦᠢᠯᠡᠳᠦᠯᠭᠡᠵᠢᠭᠦᠯᠵᠦ᠂  ᠬᠦᠮᠦᠨ ᠤ ᠰᠡᠳᠬᠢᠯ ᠢ ᠲᠤᠭᠳᠤᠯᠤᠭᠤᠯᠤᠮ᠎ᠠ ︽ ᠲᠠᠶᠢᠨ︾   ᠤ ᠵᠢᠷᠤᠭ ᠢ ᠵᠢᠷᠤᠭᠯᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂  ᠲᠠᠶᠢᠹᠤᠰᠧ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠨᠢ ᠰᠠᠶᠢᠨ  ᠲᠤᠷᠠᠳᠠᠨ ᠡᠯᠰᠡᠬᠦ  ᠠᠵᠢᠯ ᠤᠨ ᠡᠷᠴᠢᠮ ᠢᠶᠠᠨ ᠤᠯᠠᠮ ᠴᠢᠩᠭᠠᠷᠠᠭᠤᠯᠵᠤ᠂ ᠥᠷᠭᠡᠨ ᠤᠯᠠᠨ ᠵᠠᠯᠠᠭᠤ ᠰᠠᠶᠢᠨ ᠲᠤᠷᠠᠳᠠᠳ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠲᠠᠶᠢᠴᠢᠯᠠᠨ᠂ ᠬᠢᠵᠢᠭ ᠰᠡᠷᠭᠡᠶᠢᠯᠡᠬᠦ ᠨᠢᠭᠡᠳᠦᠭᠡᠷ ᠹᠷᠣᠨᠲ ᠲᠤ ᠤᠴᠢᠭᠤᠯᠵᠤ᠂ ᠬᠢᠵᠢᠭ  ᠰᠡᠷᠭᠡᠶᠢᠯᠡᠬᠦ ᠰᠠᠶᠢᠨ ᠳᠤᠷ᠎ᠠ ᠶᠢᠨ ᠦᠢᠯᠡᠴᠢᠯᠡᠭᠡ ᠳᠤ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠪᠠᠷ ᠤᠷᠤᠯᠴᠠᠭᠤᠯᠤᠨ᠂ ᠵᠠᠯᠠᠭᠤᠴᠤᠳ ᠪᠠ ᠰᠠᠶᠢᠨ ᠲᠤᠷᠠᠳᠠᠳ ᠤᠨ  ᠡᠩᠨᠡᠭᠡᠨ ᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠱᠤᠭᠤᠮ ᠢ ᠪᠠᠬᠢᠵᠢᠭᠦᠯᠬᠦ ᠳᠤ ᠰᠢᠨ᠎ᠡ ᠬᠥᠳᠡᠯᠭᠡᠭᠦ ᠬᠦᠴᠦᠨ  ᠨᠡᠮᠡᠷᠢᠯᠡᠬᠦ ᠪᠠᠷ ᠪᠤᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号