ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠠᠴᠢᠯᠠᠭ᠎ᠠ ᠶᠢᠨ ᠪᠢᠴᠢᠭ ︱  ᠲᠠᠶᠢᠹᠤᠰᠧ ᠬᠤᠰᠢᠭᠤᠨ ᠤ ᠪᠠᠨ ᠥᠷᠭᠡᠨ ᠤᠯᠠᠨ ᠰᠦᠯᠵᠢᠶᠡᠴᠢᠳ ᠲᠤ ᠢᠯᠡᠭᠡᠭᠰᠡᠨ ᠵᠠᠬᠢᠳᠠᠯ
ᠨᠡᠶᠢᠲᠡᠯᠡᠭᠰᠡᠨ ᠴᠠᠭ᠄
2022/6/10
ᠡᠷᠬᠢᠮ ᠬᠦᠨᠳᠦᠳᠦ ᠰᠦᠯᠵᠢᠶᠡᠴᠢᠳ ᠡ᠄     ᠣᠶᠢᠷ᠎ᠠ ᠶᠢᠨ ᠬᠤᠭᠤᠴᠠᠭᠠᠨ ᠳᠤ᠂ ᠮᠠᠨ ᠤ ᠠᠶᠢᠮᠠᠭ ᠵᠢᠴᠢ ᠡᠷᠬᠢᠨ ᠲᠣᠭᠤᠷᠢᠨ ᠤ ᠭᠠᠵᠠᠷ ᠣᠷᠣᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠡᠴᠡᠬᠦᠳᠡᠵᠦ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠡᠭᠦᠷᠭᠡ ᠪᠠᠴᠢᠮ ᠲᠤᠯᠭᠠᠮ᠎ᠠ ᠪᠠᠶᠢᠭ᠎ᠠ᠃ ᠬᠢᠵᠢᠭ ᠢ ᠰᠡᠷᠭᠡᠶᠢᠯᠡᠬᠦ ᠳᠤ ᠬᠥᠮᠥᠨ ᠪᠦᠬᠦᠨ ᠬᠠᠷᠢᠭᠤᠴᠠᠯᠭ᠎ᠠ ᠲᠠᠢ᠂ ᠥᠷᠭᠡᠨ ᠣᠯᠠᠨ ᠰᠦᠯᠵᠢᠶᠡᠴᠢᠳ ︽ᠰᠦᠯᠵᠢᠶ᠎ᠡ︾ ᠪᠠᠨ ᠬᠠᠮᠳᠤ ᠪᠠᠷ ᠬᠠᠮᠠᠭᠠᠯᠠᠵᠤ᠂ ︽ᠬᠢᠵᠢᠭ︾  ᠲᠠᠢ ᠬᠠᠮᠲᠤ ᠪᠠᠷ ᠲᠡᠮᠡᠴᠡᠨ᠂ ᠡᠷᠡᠭᠦᠯ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠪᠠ ᠰᠢᠯᠢᠳᠡᠭ ᠰᠠᠶᠢᠨ ᠨᠡᠶᠢᠭᠡᠮ ᠤᠨ ᠡᠮᠬᠢ ᠳᠢᠭᠯᠢᠮ ᠢ ᠬᠠᠮᠲᠤ ᠪᠠᠷ ᠬᠠᠮᠠᠭᠠᠯᠠᠬᠤ  ᠴᠢᠬᠤᠯᠠᠳᠠᠢ ᠶᠤᠮ᠃  ᠡᠶᠢᠨ ᠬᠦ᠋᠂ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂  ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠠᠴᠠ ᠥᠷᠭᠡᠨ ᠣᠯᠠᠨ ᠰᠦᠯᠵᠢᠶᠡᠴᠢᠳ ᠲᠤ ᠳᠣᠣᠷᠠᠬᠢ ᠮᠡᠲᠦ ᠰᠠᠨᠠᠭᠠᠴᠢᠯᠠᠭ᠎ᠠ ᠶᠢ ᠭᠠᠷᠭᠠᠯ᠎ᠠ᠄     ᠨᠢᠭᠡ᠂  ᠰᠦᠯᠵᠢᠶᠡᠨ ᠤ ᠵᠦᠪ ᠡᠨᠧᠷᠬᠢ ᠶᠢᠨ ᠤᠯᠠᠮᠵᠢᠯᠠᠭᠴᠢ ᠪᠤᠯᠵᠠᠭᠠᠶ᠎ᠠ᠃ ᠠᠯᠪᠠᠨ ᠤ ᠲᠠᠯ᠎ᠠ   ᠶᠢᠨ ᠨᠡᠶᠢᠲᠡᠯᠡᠭᠰᠡᠨ ᠡᠷᠬᠡ ᠰᠦᠷᠲᠦ ᠮᠡᠳᠡᠭᠡ ᠵᠠᠩᠭᠢ   ᠶᠢ ᠴᠠᠭ ᠲᠤᠬᠠᠢ ᠳᠤᠨᠢ ᠢᠳᠡᠪᠬᠢᠲᠡᠢ ᠪᠠᠷ ᠤᠯᠠᠮᠵᠢᠯᠠᠨ ᠲᠠᠷᠬᠠᠭᠠᠵᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠮᠡᠳᠡᠯᠭᠡ ᠶᠢᠨ ᠤᠬᠠᠭᠤᠯᠭ᠎ᠠ   ᠶᠢ ᠰᠠᠶᠢᠲᠤᠷ ᠬᠢᠵᠦ᠂ ᠬᠢᠵᠢᠭ ᠲᠠᠢ ᠲᠡᠮᠡᠴᠡᠭᠰᠡᠨ ᠥᠯᠢᠭᠡᠷ ᠢ ᠰᠠᠶᠢᠲᠤᠷ ᠶᠠᠷᠢᠵᠤ᠂ ᠢᠳᠡᠪᠬᠢ ᠬᠦᠴᠦᠨ   ᠢ ᠨᠢᠭᠲᠠᠷᠠᠭᠤᠯᠤᠨ᠂  ᠰᠠᠶᠢᠨ  ᠰᠦᠯᠵᠢᠶᠡᠴᠢᠨ  ᠪᠣᠯᠬᠤ ᠪᠠᠷ ᠴᠢᠷᠮᠠᠶᠢᠵᠤ᠂ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠳᠤ ᠬᠦᠴᠦᠨ ᠨᠡᠮᠡᠷᠢᠯᠡᠬᠦ ᠭᠡᠷᠡᠭᠳᠡᠢ᠃ ᠬᠤᠳᠠᠯ ᠬᠠᠭᠤᠷᠮᠠᠭ ᠡᠷᠡᠭᠦᠯ ᠪᠤᠰᠤ ᠮᠡᠳᠡᠭᠡ ᠵᠠᠩᠭᠢ ᠶᠢ ᠲᠠᠷᠬᠠᠭᠠᠬᠤ ᠦᠭᠡᠢ᠂ ᠨᠠᠵᠠᠭᠠᠢ ᠤᠷᠮ᠎ᠠ ᠰᠡᠳᠬᠢᠯᠭᠡ   ᠪᠠᠨ ᠢᠯᠡᠷᠬᠡᠶᠢᠯᠡᠬᠦ ᠦᠬᠡᠢ  ᠂  ᠰᠣᠬᠤᠷ ᠪᠠᠯᠠᠢ ᠪᠠᠷ ᠳᠠᠭᠠᠵᠤ ᠲᠡᠷᠪᠡᠵᠦ ᠲᠦᠢᠪᠡᠬᠡᠵᠦ ᠦᠢᠮᠡᠬᠦᠯᠬᠦ ᠶᠢ  ᠴᠡᠭᠡᠷᠯᠡᠨ᠎ᠡ  ᠃    ᠬᠤᠶᠠᠷ᠂  ᠰᠦᠯᠵᠢᠶᠡᠨ ᠤ ᠴᠤᠤ ᠴᠤᠤᠷᠬᠠᠯ ᠤᠨ ᠬᠤᠷᠢᠭᠯᠠᠭᠴᠢ ᠪᠤᠯᠵᠠᠭᠠᠶ᠎ᠠ᠃  ᠥᠷᠭᠡᠨ ᠣᠯᠠᠨ ᠰᠦᠯᠵᠢᠶᠡᠴᠢᠳ ᠦᠪᠡᠷᠦᠨ ᠪᠡᠶ᠎ᠡ ᠪᠠᠷ ᠢᠶᠠᠨ ᠲᠦᠷᠦᠭᠦᠯᠡᠨ᠂ ᠪᠣᠳᠠᠲᠤ ᠶᠠᠪᠤᠳᠠᠯ   ᠢ ᠶᠠᠷᠢᠵᠤ᠂ ᠦᠨᠡᠨ ᠪᠠᠶᠢᠳᠠᠯ   ᠢ ᠤᠶᠢᠯᠠᠭᠠᠨ᠂ ᠢᠷᠡᠯᠲᠡ ᠨᠢ ᠲᠣᠳᠣᠷᠬᠠᠢ ᠦᠭᠡᠢ ᠬᠢᠵᠢᠭ ᠤᠨ ᠮᠡᠳᠡᠭᠡ ᠵᠠᠩᠭᠢ   ᠶᠢ ᠨᠡᠶᠢᠲᠡᠯᠡᠬᠦ ᠦᠭᠡᠢ ᠲᠠᠮᠵᠢᠭᠤᠯᠬᠤ ᠦᠬᠡᠢ ᠪᠠᠶᠢᠵᠤ᠂  ᠬᠢᠵᠢᠭ  ᠰᠡᠷᠭᠡᠶᠢᠯᠡᠬᠦ ᠠᠵᠢᠯ   ᠢ ᠬᠠᠷᠰᠢᠯᠠᠵᠤ ᠪᠠᠶᠢᠭ᠎ᠠ ᠬᠤᠳᠠᠯ ᠬᠠᠭᠤᠷᠮᠠᠭ ᠮᠡᠳᠡᠭᠡ ᠵᠠᠩᠭᠢ ᠶᠢ ᠡᠰᠡᠷᠭᠦᠴᠡᠨ ᠬᠤᠷᠢᠭᠯᠠᠵᠤ᠂   ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠭᠡᠢ  ᠪᠠᠶᠢᠵᠤ᠂  ᠴᠤᠤᠷᠬᠠᠯ   ᠢ ᠨᠢᠴᠤᠭᠠᠬᠤ ᠠᠵᠢᠯ ᠳᠤ ᠰᠠᠨᠠᠭᠠᠴᠢᠯᠠᠭ᠎ᠠ   ᠠᠴᠠ ᠪᠠᠨ ᠣᠷᠣᠯᠴᠠᠵᠤ᠂ ᠬᠤᠣᠷ ᠬᠥᠨᠥᠭᠡᠯ ᠲᠠᠢ ᠮᠡᠳᠡᠭᠡ ᠵᠠᠩᠭᠢ   ᠶᠢ ᠢᠳᠡᠪᠬᠢᠲᠡᠢ ᠪᠠᠷ ᠢᠯᠡᠴᠢᠯᠡᠨ ᠮᠡᠳᠡᠭᠦᠯᠵᠦ᠂ ᠴᠡᠪᠡᠷ ᠰᠠᠶᠢᠬᠠᠨ ᠰᠦᠯᠵᠢᠶᠡᠨ ᠤ  ᠣᠷᠴᠢᠨ ᠢ ᠬᠠᠮᠲᠤ ᠪᠠᠷ ᠪᠠᠶᠢᠭᠤᠯᠬᠤ ᠬᠡᠷᠡᠭᠲᠡᠢ᠃    ᠭᠤᠷᠪᠠ᠂ ᠰᠦᠯᠵᠢᠶᠡᠨ ᠤ ᠠᠮᠤᠷ ᠲᠦᠪᠰᠢᠨ ᠤ ᠬᠠᠮᠠᠭᠠᠯᠠᠭᠴᠢ  ᠪᠤᠯᠵᠠᠭᠠᠶ᠎ᠠ᠃ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠬᠤᠪᠢ ᠬᠥᠮᠥᠨ ᠤ ᠮᠡᠳᠡᠭᠡ ᠵᠠᠩᠭᠢ ᠪᠠᠨ ᠰᠠᠶᠢᠲᠤᠷ ᠬᠠᠮᠠᠭᠠᠯᠠᠨ᠂ ᠪᠤᠰᠤᠳ ᠤᠨ ᠨᠡᠷ᠎ᠡ ᠲᠥᠷᠥ᠂ ᠬᠤᠪᠢ ᠶᠢᠨ ᠨᠢᠭᠤᠴᠠ ᠳᠤ ᠬᠠᠯᠳᠠᠭᠰᠠᠨ ᠬᠠᠤᠯᠢ ᠪᠤᠰᠤ ᠰᠦᠯᠵᠢᠶᠡᠨ ᠤ ᠠᠵᠢᠯᠯᠠᠭ᠎ᠠ ᠬᠢᠬᠦ᠂ ᠵᠠᠪᠰᠢᠶᠠᠨ ᠲᠠᠯᠢᠮᠳᠠᠭᠤᠯᠵᠤ ᠬᠤᠪᠢ ᠬᠥᠮᠥᠨ ᠤ ᠮᠡᠳᠡᠭᠡ ᠵᠠᠩᠭᠢ ᠶᠢ ᠴᠤᠭᠯᠠᠭᠤᠯᠬᠤ᠂ ᠪᠤᠰᠤᠳ ᠤᠨ ᠨᠢᠭᠤᠴᠠ ᠶᠢ ᠲᠠᠷᠬᠠᠭᠠᠬᠤ ᠦᠢᠯᠡ  ᠬᠢᠳᠡᠯ ᠢ ᠡᠷᠡᠰ ᠴᠡᠭᠡᠷᠯᠡᠵᠦ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠰᠦᠯᠵᠢᠶᠡᠨ ᠤ ᠠᠮᠤᠷ ᠲᠦᠪᠰᠢᠨ ᠤ ᠬᠠᠯᠬᠠᠪᠴᠢ ᠶᠢ ᠬᠠᠮᠲᠤ ᠪᠠᠷ ᠪᠠᠶᠢᠭᠤᠯᠤᠨ᠂ ᠡᠷᠡᠭᠦᠯ ᠰᠠᠶᠢᠬᠠᠨ᠂ ᠡᠮᠬᠢ ᠵᠢᠷᠤᠮ ᠲᠠᠢ ᠰᠦᠯᠵᠢᠶᠡᠨ ᠤ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠬᠤ ᠭᠡᠷᠡᠭᠳᠡᠢ᠃    ᠲᠠᠶᠢᠹᠤᠰᠧ  ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠠᠴᠠ ᠲᠠᠨ ᠳᠤ ᠰᠠᠨᠠᠭᠤᠯᠬᠤ ᠨᠢ᠄ ᠢᠨᠲ᠋ᠧᠷ ᠰᠦᠯᠵᠢᠶ᠎ᠡ ᠪᠣᠯ ᠬᠠᠤᠯᠢ ᠠᠴᠠ ᠭᠠᠳᠠᠨᠠᠬᠢ ᠭᠠᠵᠠᠷ  ᠪᠢᠰᠢ  ᠶᠤᠮ᠂ ᠴᠤᠤᠷᠬᠠᠯ ᠲᠠᠯᠪᠢᠵᠤ ᠴᠤᠤᠷᠬᠠᠯ ᠲᠠᠷᠬᠠᠭᠠᠬᠤ ᠨᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠬᠤᠶᠠᠷ ᠵᠠᠭᠤ ᠶᠡᠷᠡᠨ ᠨᠢᠭᠡᠳᠦᠭᠡᠷ  ᠵᠤᠷᠪᠤᠰ ᠲᠤ ︽ᠬᠤᠳᠠᠯ ᠬᠠᠭᠤᠷᠮᠠᠭ ᠲᠦᠭᠰᠢᠬᠦᠷᠢ ᠶᠢᠨ ᠪᠠᠶᠢᠳᠠᠯ᠂ ᠬᠢᠵᠢᠭ ᠤᠨ ᠪᠠᠶᠢᠳᠠᠯ᠂ ᠭᠠᠮᠰᠢᠭ ᠤᠨ ᠪᠠᠶᠢᠳᠠᠯ᠂ ᠴᠠᠭᠳᠠᠭᠠᠨ ᠤ ᠪᠠᠶᠢᠳᠠᠯ ᠢ ᠵᠣᠬᠢᠶᠠᠵᠤ᠂ ᠲᠣᠣᠷ ᠰᠦᠯᠵᠢᠶ᠎ᠡ ᠪᠤᠶᠤ ᠪᠤᠰᠤᠳ ᠵᠠᠭᠤᠴᠢᠯᠠᠭᠤᠷ ᠳᠡᠭᠡᠷ᠎ᠡ ᠲᠠᠷᠬᠠᠭᠠᠭᠰᠠᠨ᠂ ᠡᠰᠡᠬᠦᠯ᠎ᠡ  ᠬᠤᠳᠠᠯ ᠬᠠᠭᠤᠷᠮᠠᠭ ᠮᠡᠳᠡᠭᠡ ᠵᠠᠩᠭᠢ ᠪᠣᠯᠬᠤ ᠶᠢ ᠲᠣᠳᠣᠷᠬᠠᠢ ᠮᠡᠳᠡᠵᠦ ᠪᠠᠶᠢᠭᠠᠳ ᠲᠣᠣᠷ ᠰᠦᠯᠵᠢᠶ᠎ᠡ ᠪᠤᠶᠤ ᠪᠤᠰᠤᠳ ᠵᠠᠭᠤᠴᠢᠯᠠᠭᠤᠷ ᠳᠡᠭᠡᠷ᠎ᠡ ᠵᠣᠷᠢᠭᠤᠳᠠ ᠲᠠᠷᠭᠠᠬᠠᠵᠤ᠂ ᠨᠡᠶᠢᠭᠡᠮ ᠤᠨ ᠡᠮᠬᠢ ᠲᠢᠭᠯᠡᠮ ᠢ ᠬᠦᠨᠳᠦ ᠨᠣᠴᠢᠲᠠᠢ ᠰᠠᠮᠠᠭᠤᠷᠠᠭᠤᠯᠤᠭᠰᠠᠨ ᠪᠤᠯ᠂ ᠭᠤᠷᠪᠠᠨ ᠵᠢᠯ ᠠᠴᠠ ᠲᠤᠷᠤᠭᠰᠢ ᠬᠤᠭᠤᠴᠠᠭ᠎ᠠ ᠲᠠᠢ ᠬᠤᠷᠢᠬᠤ᠂ ᠬᠤᠷᠢᠵᠤ ᠬᠥᠳᠡᠯᠮᠦᠷᠢᠯᠡᠭᠦᠯᠬᠦ ᠪᠤᠶᠤ ᠵᠠᠬᠢᠷᠤᠨ ᠬᠠᠮᠢᠶᠠᠷᠬᠤ ᠪᠠᠷ ᠰᠢᠳᠬᠡᠨ᠎ᠡ᠂ ᠬᠦᠨᠳᠦ ᠨᠣᠴᠢᠲᠠᠢ ᠦᠷ᠎ᠡ ᠨᠦᠯᠦᠭᠡ ᠭᠠᠷᠭᠠᠭᠰᠠᠨ ᠪᠤᠯ᠂ ᠭᠤᠷᠪᠠᠨ ᠵᠢᠯ ᠠᠴᠠ ᠳᠡᠭᠡᠭᠰᠢ ᠲᠤᠯᠦᠭᠠᠠ ᠵᠢᠯ ᠠᠴᠠ ᠲᠤᠷᠤᠭᠰᠢ ᠬᠤᠭᠤᠴᠠᠭ᠎ᠠ ᠲᠠᠢ ᠬᠤᠷᠢᠬᠤ ᠪᠠᠷ ᠰᠢᠳᠬᠡᠨ᠎ᠡ︾ ᠭᠡᠵᠦ ᠲᠤᠭᠳᠠᠵᠠᠢ᠃  ᠡᠶᠢᠮᠦ ᠠᠴᠠ ᠰᠦᠯᠵᠢᠶᠡᠨ ᠳᠡᠭᠡᠷ᠎ᠡ ᠮᠡᠳᠡᠭᠡ ᠵᠠᠩᠭᠢ᠂ ᠦᠭᠡ ᠶᠠᠷᠢᠶ᠎ᠠ ᠨᠡᠶᠢᠲᠡᠯᠡᠬᠦ ᠳᠡᠭᠡᠨ ᠬᠠᠤᠯᠢ ᠴᠠᠭᠠᠵᠠ  ᠲᠦᠷᠢᠮ ᠲᠣᠭᠲᠠᠭᠠᠯ ᠢ  ᠡᠷᠭᠡᠪᠰᠢ ᠵᠢᠷᠤᠮᠯᠠᠬᠤ ᠬᠡᠷᠡᠭᠲᠡᠢ᠃    ᠥᠷᠭᠡᠨ ᠣᠯᠠᠨ ᠰᠦᠯᠵᠢᠶᠡᠴᠢᠳ ᠡ᠂ ᠬᠢᠵᠢᠭ  ᠰᠡᠷᠭᠡᠶᠢᠯᠡᠬᠦ ᠠᠵᠢᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ ᠪᠠᠶᠢᠨ᠎ᠠ᠃  ᠪᠦᠯᠬᠦᠮᠳᠡᠨ ᠲᠡᠮᠡᠴᠡᠪᠡᠯ ᠪᠦᠳᠦᠬᠦ ᠦᠬᠡᠢ ᠶᠠᠪᠤᠳᠠᠯ ᠠᠯᠠᠭ᠎ᠠ᠃ ᠡᠷᠬᠢᠮ ᠲᠠ ᠥᠩᠭᠡᠷᠡᠭᠰᠡᠨ ᠲᠠᠢ ᠪᠠᠨ ᠠᠳᠠᠯᠢ ᠪᠠᠷ ᠡᠨᠡ ᠤᠳᠠᠭᠠᠨ ᠤ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠳᠡᠢ ᠣᠷᠣᠯᠴᠠᠵᠤ ᠂ ᠪᠣᠳᠠᠲᠤ ᠠᠵᠢᠯᠯᠠᠭ᠎ᠠ ᠪᠠᠷ ᠢᠶᠠᠨ ᠥᠪᠡᠷ ᠤᠨ ᠪᠡᠶ᠎ᠡ ᠪᠣᠯᠣᠨ ᠭᠡᠷ ᠤᠨ ᠬᠥᠮᠥᠰ ᠤᠨ ᠢᠶᠠᠨ ᠠᠮᠤᠷ ᠲᠦᠪᠰᠢᠨ ᠢ ᠬᠠᠮᠠᠭᠠᠯᠠᠬᠤ   ᠶᠢ ᠬᠦᠰᠡᠵᠦ ᠪᠠᠶᠢᠨᠠᠮ᠃         ᠲᠠᠶᠢᠹᠤᠰᠧ   ᠬᠤᠰᠢᠭᠤᠨ   ᠤ   ᠨᠠᠮ   ᠤᠨ   ᠬᠤᠷᠢᠶᠠᠨ   ᠤ   ᠤᠬᠠᠭᠤᠯᠬᠤ   ᠬᠡᠯᠲᠡᠰ  ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ                                                            2022 ᠣᠨ ᠤ 6 ᠰᠠᠷ᠎ᠠ ᠶᠢᠨ 8 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号