ᠲᠠᠶᠢᠹᠤᠰᠧ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2022/6/13
  6 ᠰᠠᠷ᠎ᠠ ᠶᠢᠨ 10 ᠤ ᠡᠳᠦᠷ᠂  ᠲᠠᠶᠢᠹᠤᠰᠧ ᠬᠤᠰᠢᠭᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ  ᠬᠤᠰᠢᠭᠤ ᠳᠠᠷᠤᠭ᠎ᠠ ᠴᠧᠨ ᠶᠠᠨ ᠪᠦᠦ ᠬᠤᠷᠠᠯ ᠢ ᠡᠷᠬᠢᠯᠡᠵᠦ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ  ᠲᠠᠷᠠᠭᠠᠴᠢ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ᠵᠢᠭᠠᠵᠤ ᠭᠠᠷᠭᠠᠬᠤ ᠳᠠᠭᠠᠨ᠂ ᠡᠯ᠎ᠡ ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠴᠢᠨᠠᠭᠰᠢᠳᠠ ᠪᠤᠳᠠᠳᠠᠶᠢᠵᠢᠭᠤᠯᠤᠨ᠂  ᠡᠬᠦᠰᠴᠦ ᠮᠡᠳᠡᠬᠦ ᠠᠯᠳᠠᠰᠢ ᠬᠡᠮ ᠢ ᠲᠠᠬᠢᠨ ᠪᠠᠶᠢᠴᠠᠭᠠᠵᠤ᠂  ᠱᠠᠭᠠᠷᠳᠠᠯᠭ᠎ᠠ ᠶᠢ ᠲᠠᠬᠢᠨ ᠨᠠᠶᠢᠳᠠᠪᠤᠷᠢᠵᠢᠭᠤᠯᠵᠤ᠂ ᠰᠠᠭᠤᠷᠢ ᠠᠵᠢᠯ ᠢ  ᠯᠠᠪᠳᠠᠭᠤᠨ ᠪᠠᠲᠤᠲᠠᠢ ᠬᠢᠵᠦ᠂ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠭᠠᠵᠠᠷ ᠪᠣᠯᠣᠨ ᠰᠠᠭᠤᠭᠠᠯᠢ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠠᠵᠢᠯ  ᠤᠨ ᠥᠨᠴᠥᠭ ᠪᠤᠯᠤᠩ ᠦᠯᠡᠳᠡᠯ ᠦᠭᠡᠢ ᠨᠡᠶᠢᠳᠡᠮ ᠪᠦᠷᠬᠦᠬᠦ ᠶᠢ ᠪᠠᠲᠤᠯᠠᠬᠤ ᠬᠡᠷᠡᠭᠲᠡᠢ ᠬᠡᠵᠡᠢ᠃ ᠬᠤᠷᠠᠯ ᠠᠴᠠ᠂ ᠡᠯ᠎ᠡ ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ︽ᠳᠥᠷᠪᠡᠨ ᠡᠷᠳᠡ︾   ᠶᠢᠨ ᠠᠷᠭ᠎ᠠ ᠬᠡᠮᠵᠢᠶ᠎ᠡ   ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠠᠵᠢᠯ   ᠢ  ᠠᠳᠬᠤᠨ᠂ ᠨᠠᠷᠢᠨ ᠵᠦᠢᠯᠡᠰ   ᠢ ᠠᠳᠬᠤᠵᠤ᠂ ᠪᠣᠳᠠᠲᠠᠢ ᠭᠠᠵᠠᠷ ᠲᠤᠨᠢ  ᠨᠠᠶᠢᠳᠠᠪᠤᠷᠢᠵᠢᠭᠤᠯᠤᠨ᠂ ᠬᠠᠯᠠᠭᠤᠷᠠᠯ ᠤᠨ ᠡᠭᠦᠳᠡᠨ ᠡᠮᠨᠡᠯᠭᠡ᠂ ᠡᠮ ᠤᠨ ᠳᠡᠯᠭᠡᠭᠦᠷ ᠵᠡᠷᠭᠡ   ᠶᠢᠨ ︽ᠡᠮᠦᠨ᠎ᠡ ᠬᠠᠷᠠᠭᠤᠯ ︾ ᠤᠨ ᠦᠢᠯᠡᠳᠦᠯ   ᠢ ᠭᠦᠢᠴᠡᠳ ᠪᠠᠳᠠᠷᠠᠭᠤᠯᠵᠤ᠂   ᠲᠦᠭᠰᠢᠭᠦᠷᠢ ᠶᠡᠬᠡᠲᠡᠢ ᠠᠵᠢᠯ ᠤᠨ ᠪᠠᠶᠢᠷᠢ   ᠶᠢᠨ ᠬᠥᠮᠥᠰ ᠲᠤ ᠪᠠᠶᠢᠴᠠᠭᠠᠯᠳᠠ ᠶᠢᠨ ᠤᠳᠠᠭ᠎ᠠ ᠲᠠᠷᠠᠭ᠎ᠠ ᠪᠠᠨ ᠨᠡᠮᠡᠭᠳᠡᠬᠦᠯᠬᠦ ᠪᠠ ︽ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠬᠤ︾  ᠠᠷᠭ᠎ᠠ ᠬᠡᠮᠵᠢᠶ᠎ᠡ   ᠶᠢ ᠨᠠᠶᠢᠳᠠᠪᠤᠷᠢᠵᠢᠭᠤᠯᠬᠤ ᠬᠡᠷᠡᠭᠲᠡᠢ᠃  ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ ᠬᠦᠮᠦᠨ᠂ ᠡᠳ᠋ ᠪᠣᠳᠠᠰ ᠪᠠ ᠣᠷᠴᠢᠨ ᠲᠤᠭᠤᠷᠢᠨ ᠤ ᠠᠷᠢᠭᠤᠳᠬᠠᠯ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠪᠥᠭᠡᠮ ᠬᠦᠴᠢᠯ ᠤᠨ ᠪᠠᠶᠢᠴᠠᠭᠠᠯᠲᠡ ᠵᠡᠷᠭᠡ ᠲᠠᠯ᠎ᠠ ᠶᠢᠨ ᠬᠠᠮᠢᠶᠠᠷᠤᠯᠲᠠ ᠶᠢᠨ ᠠᠵᠢᠯ ᠢ ᠤᠯᠠᠮ ᠴᠢᠩᠭᠠᠳᠬᠠᠵᠤ᠂ ︽ᠡᠮᠨᠡᠯᠭᠡ ᠶᠢᠨ ᠬᠤᠷᠢᠶ᠎ᠠ᠂ ᠡᠭᠦᠳᠡᠨ ᠡᠮᠨᠡᠯᠬᠡ᠂ ᠡᠮᠨᠡᠯᠭᠡ ᠳᠤ ᠣᠷᠣᠬᠤ᠂ ᠡᠪᠡᠳᠴᠢᠲᠡᠨ ᠤ ᠥᠷᠥᠭᠡ︾ ᠵᠡᠷᠭᠡ ᠳᠥᠷᠪᠡᠨ ᠪᠣᠭᠤᠮᠲᠠ ᠶᠢ ᠴᠢᠩᠭ᠎ᠠ  ᠰᠠᠬᠢᠨ᠂  ᠰᠡᠷᠭᠡᠶᠢᠯᠡᠨ ᠡᠵᠡᠮᠳᠡᠬᠦ ᠬᠤᠷᠢᠭ᠎ᠠ ᠱᠤᠭᠤᠮ ᠢ  ᠪᠠᠳᠤ ᠰᠠᠬᠢᠬᠤ ᠬᠡᠷᠡᠭᠲᠡᠢ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠷᠭ᠎ᠠ ᠲᠤᠷᠰᠢᠯᠭ᠎ᠠ ᠪᠠᠨ ᠳ᠋ᠦᠩᠨᠡᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠢᠷᠢ ᠴᠢᠳᠠᠪᠤᠷᠢ ᠪᠣᠯᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽ᠦᠯᠦ ᠣᠷᠣᠭᠤᠯᠬᠤ︾ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ   ᠶᠢᠨ ᠲᠠᠭᠠᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠲᠥᠷᠥᠯ ᠵᠦᠢᠯ ᠤᠨ ᠪᠠᠶᠢᠭᠤᠯᠤᠯᠲᠠ ᠵᠣᠭᠰᠤᠬᠤ ᠦᠭᠡᠢ᠂ ᠠᠵᠤ ᠠᠬᠤᠶᠢᠯᠠᠯ ᠤᠨ ᠦᠢᠯᠡᠳᠪᠦᠷᠢᠯᠡᠯ ᠵᠣᠭᠰᠤᠬᠤ ᠦᠭᠡᠢ ᠪᠠᠶᠢᠬᠤ ᠶᠢ ᠦᠨᠡᠨ ᠬᠦ  ᠠᠬᠢᠭᠤᠯᠤᠨ᠂ ᠡᠯ᠎ᠡ  ᠲᠦᠷᠦᠯ ᠤᠨ ᠭᠤᠣᠯᠳᠠᠯᠭ᠎ᠠ ᠲᠠᠢ ᠠᠵᠢᠯ ᠢ ᠵᠡᠷᠭᠡᠪᠡᠷ ᠶᠠᠪᠤᠭᠳᠠᠭᠤᠯᠵᠤ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ   ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠮᠢ ᠨᠠᠰᠤ  ᠪᠠ ᠡᠷᠡᠭᠦᠯ ᠮᠡᠨᠳᠦ   ᠶᠢ ᠬᠠᠮᠠᠭᠠᠯᠠᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃ ᠬᠤᠷᠠᠯ ᠳᠤ ᠣᠷᠣᠯᠴᠠᠭᠰᠠᠨ ᠬᠤᠰᠢᠭᠤᠨ ᠤ ᠤᠳᠤᠷᠢᠳᠤᠯᠭ᠎ᠠ ᠨᠠᠷ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠤᠨ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠪᠠ᠃ ᠬᠤᠷᠠᠯ ᠲᠡᠭᠡᠷ᠎ᠡ ᠪᠠᠰᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠡᠯ᠎ᠡ ᠲᠤᠰᠬᠠᠢ ᠠᠩᠭᠢ ᠵᠢᠴᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯ ᠤᠨ ᠮᠡᠳᠡᠭᠦᠯᠦᠯᠲᠡ ᠶᠢ ᠰᠣᠨᠣᠰᠴᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号