ᠴᠧᠨ ᠶᠠᠨ ᠪᠦᠦ ᠭᠤᠣᠯ ᠤᠨ ᠵᠠᠮ ᠤᠨ ᠵᠠᠰᠠᠯᠳᠠ ᠶᠢᠨ ᠠᠵᠢᠯ ᠢ ᠲᠤᠬᠠᠢ ᠶᠢᠨ ᠭᠠᠵᠠᠷ ᠲᠤᠨᠢ  ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2022/6/13
   6 ᠰᠠᠷ᠎ᠠ ᠶᠢᠨ 12 ᠤᠨ ᠡᠳᠦᠷ᠂  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠴᠠ ᠶᠠᠨ ᠪᠦᠦ᠂ ᠵᠠᠰᠠᠭ ᠤᠨ ᠣᠷᠳᠣᠨ ᠤ  ᠲᠡᠳ᠋ ᠬᠤᠰᠢᠭᠤ ᠳᠠᠷᠤᠭ᠎ᠠ ᠯᠢ ᠵᠠᠨ ᠪᠦᠦ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠣᠰᠣᠨ ᠠᠰᠢᠭᠯᠠᠯᠲᠠ ᠶᠢᠨ ᠲᠤᠪᠴᠢᠶ᠎ᠠ᠂ ᠣᠢ ᠰᠢᠭᠤᠢ ᠨᠤᠳᠤᠭ ᠪᠡᠯᠴᠢᠭᠡᠷ ᠤᠨ ᠲᠤᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠠᠢ ᠬᠠᠮᠲᠤ ᠪᠠᠷ ᠪᠣᠣᠴᠠᠩ ᠪᠠᠯᠭᠠᠰᠤᠨ ᠤ ᠬᠤᠲᠠ ᠶᠢᠨ ᠲᠣᠭᠤᠷᠢᠭ᠂ ᠴᠢᠶᠠᠨ ᠶᠢᠨ ᠭᠧᠦ ᠪᠠᠯᠭᠠᠰᠤᠨ ᠤ ᠯᠢᠨ ᠲᠠᠨ ᠲᠣᠰᠬᠤᠨ ᠵᠡᠷᠭᠡ ᠭᠠᠵᠠᠷ ᠲᠤ ᠬᠦᠷᠴᠤ᠂  ᠰᠢᠷᠦᠬᠦᠨ ᠪᠣᠷᠣᠭᠠᠨ ᠤ ᠳᠠᠷᠠᠭᠠᠬᠢ ᠪᠠᠴᠢᠮ ᠠᠷᠭᠠᠴᠠᠯᠳᠠ ᠶᠢᠨ ᠪᠠᠶᠢᠳᠠᠯ ᠢ ᠪᠠᠶᠢᠴᠠᠭᠠᠨ ᠦᠵᠡᠪᠡ᠃  ᠪᠠᠶᠢᠴᠠᠭᠠᠨ ᠦᠵᠡᠬᠦ ᠶᠢᠨ ᠲᠠᠭᠠᠤ ᠴᠧᠨ ᠶᠠᠨ ᠪᠦᠦ  ᠂ ᠠᠮᠤᠷ ᠲᠦᠪᠰᠢᠨ   ᠢ ᠲᠡᠷᠢᠭᠦᠨ ᠳᠤ ᠲᠠᠯᠪᠢᠬᠤ ᠤᠬᠠᠮᠰᠠᠷ ᠢᠶᠠᠨ ᠲᠡᠭᠡᠭᠰᠢᠯᠡᠬᠦᠯᠵᠦ᠂  ᠦᠶᠡᠷ ᠰᠡᠷᠭᠡᠶᠢᠯᠡᠬᠦ ᠬᠥᠪᠴᠢ ᠶᠢ ᠢᠮᠠᠭᠲᠠ ᠴᠢᠩᠭᠠᠯᠠᠨ᠂  ᠦᠶᠡᠷ  ᠰᠡᠷᠭᠡᠶᠢᠯᠡᠬᠦ ᠠᠵᠢᠯ   ᠢ ᠰᠠᠶᠢᠨ ᠬᠢᠬᠦ ᠬᠠᠷᠢᠭᠤᠴᠠᠯᠭᠠᠲᠤ ᠰᠡᠳᠬᠢᠯᠭᠡ  ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠦᠶᠡᠷ ᠤᠨ ᠬᠤᠭᠤᠴᠠᠭᠠᠨ ᠳᠤ 24 ᠴᠠᠭ ᠤᠨ ᠵᠢᠵᠢᠬᠦᠷ ᠤᠨ ᠳᠦᠷᠢᠮ ᠢ ᠬᠡᠷᠡᠭᠵᠢᠭᠦᠯᠵᠦ᠂ ᠬᠠᠷᠢᠭᠤᠴᠠᠯᠭ᠎ᠠ ᠶᠢ ᠠᠵᠢᠯ ᠤᠨ ᠪᠠᠶᠢᠷᠢ ᠪᠠ ᠬᠥᠮᠥᠨ ᠳᠤ ᠨᠠᠶᠢᠳᠠᠪᠤᠷᠢᠵᠢᠭᠤᠯᠤᠨ᠂ ᠦᠶᠡᠷ ᠰᠡᠷᠭᠡᠶᠢᠯᠡᠬᠦ ᠡᠳ᠋ ᠪᠣᠳᠠᠰ ᠢ ᠭᠦᠢᠴᠡᠳ ᠪᠡᠯᠡᠳᠬᠡᠵᠦ᠂  ᠪᠠᠴᠢᠮ ᠪᠠᠶᠢᠳᠠᠯ ᠢ ᠠᠷᠭᠠᠴᠠᠬᠤ  ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠨ᠂ ᠦᠶᠡᠷ ᠰᠡᠷᠭᠡᠶᠢᠯᠡᠬᠦ ᠠᠵᠢᠯ ᠢ ᠯᠠᠪᠳᠠᠭᠤᠨ ᠪᠠᠳᠤᠳᠠᠢ ᠦᠷ᠎ᠡ ᠪᠦᠲᠦᠮᠵᠢᠲᠡᠶ ᠦᠷᠨᠢᠬᠦᠯᠬᠦ ᠬᠡᠷᠡᠭᠲᠡᠢ᠃ ᠡᠯ᠎ᠡ  ᠬᠠᠮᠢᠶ᠎ᠠ ᠪᠦᠬᠦᠢ ᠰᠠᠯᠠᠭ᠎ᠠ ᠮᠥᠴᠢᠷ  ᠤᠨ ᠬᠢᠨ ᠬᠢᠨᠠᠨ ᠬᠠᠮᠢᠶᠠᠷᠬᠤ  ᠪᠣᠭᠤᠮᠲᠠ ᠶᠢ ᠴᠢᠩᠭ᠎ᠠ ᠰᠠᠬᠢᠨ᠂ ᠲᠣᠭᠲᠠᠮᠠᠯ ᠬᠤᠭᠤᠴᠠᠭ᠎ᠠ ᠲᠠᠢ  ᠪᠠᠷ ᠬᠠᠮᠳᠤᠷᠠᠭᠰᠠᠨ ᠪᠠᠶᠢᠴᠠᠭᠠᠯᠳᠠ ᠬᠢᠵᠦ᠂ ᠭᠤᠣᠯ ᠤᠨ ᠵᠠᠮ ᠤᠨ ᠵᠠᠰᠠᠯᠳᠠ ᠪᠠ ᠡᠷᠬᠢᠨ ᠲᠣᠭᠤᠷᠢᠨ ᠤ   ᠠᠷᠢᠭᠤᠨ ᠴᠡᠪᠡᠷ ᠤᠨ ᠶᠡᠷᠦᠩᠬᠡᠶᠢᠯᠡᠭᠰᠡᠨ ᠴᠡᠭᠴᠡᠯᠡᠯᠳᠡ ᠢ ᠯᠠᠪᠳᠠᠭᠤᠨ ᠪᠠᠲᠤᠲᠠᠢ ᠦᠷᠨᠢᠬᠦᠯᠦᠨ᠂  ᠭᠤᠣᠯ ᠤᠨ ᠳᠣᠲᠣᠷᠠᠬᠢ ᠡᠪᠡᠰᠦ ᠮᠤᠳᠤ  ᠬᠤᠭ ᠨᠤᠪᠰᠢ ᠶᠢ  ᠱᠦᠬᠦᠨ ᠭᠠᠷᠭᠠᠵᠤ᠂ ᠭᠤᠣᠯ ᠤᠨ ᠤᠷᠤᠰᠬᠠᠯ ᠢ ᠰᠠᠭᠠᠳ ᠦᠬᠡᠢ ᠨᠡᠪᠳᠡᠷᠡᠬᠦᠯᠦᠨ᠂ ᠡᠷᠭᠢ ᠲᠠᠭᠠᠤ ᠳᠠᠬᠢ ᠠᠶᠢᠯ ᠬᠤᠳᠠ ᠠᠷᠠᠳ ᠢᠷᠭᠡᠳ  ᠤᠨ ᠠᠮᠤᠷ ᠲᠦᠪᠰᠢᠨ ᠢ ᠪᠠᠳᠤᠯᠠᠬᠤ ᠭᠡᠷᠡᠭᠳᠡᠢ᠃ ᠦᠶᠡᠷ ᠢ ᠰᠡᠷᠭᠡᠶᠢᠯᠡᠬᠦ ᠠᠷᠭ᠎ᠠ ᠲᠦᠰᠦᠪ ᠪᠣᠯᠣᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠲᠦᠰᠦᠪ ᠢ ᠲᠡᠭᠦᠯᠳᠡᠷᠵᠢᠭᠦᠯᠵᠦ᠂ ᠲᠠᠨᠢᠯᠲᠠ ᠶᠢ ᠲᠡᠭᠡᠭᠰᠢᠯᠡᠬᠦᠯᠦᠨ᠂ ᠬᠠᠷᠢᠭᠤᠴᠠᠯᠭ᠎ᠠ  ᠶᠢ ᠨᠠᠶᠢᠳᠠᠪᠤᠷᠢᠵᠢᠭᠤᠯᠵᠤ ᠂  ᠬᠦᠮᠦᠨ ᠤ ᠬᠦᠴᠦᠨ ᠢ ᠪᠠᠳᠤᠯᠠᠨ᠂ ᠦᠶᠡᠷ ᠤᠨ ᠬᠤᠭᠤᠴᠠᠭ᠎ᠠ ᠶᠢ ᠠᠮᠤᠭᠤᠯᠠᠩ ᠥᠩᠭᠡᠷᠡᠭᠦᠯᠬᠦ ᠡᠯ᠎ᠡ ᠲᠦᠷᠦᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ  ᠰᠠᠶᠢᠨ ᠬᠢᠬᠦ ᠬᠡᠷᠡᠭᠲᠡᠢ  ᠬᠡᠵᠦ  ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号