ᠰᠢᠩ ᠹᠦ᠋ ᠰᠢᠶᠠᠩ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠳᠤ ᠶᠢᠨ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2022/6/13
 6 ᠰᠠᠷ᠎ᠠ ᠶᠢᠨ 10  ᠤ ᠡᠳᠦᠷ᠂ ᠰᠢᠩ ᠹᠦ᠋ ᠰᠢᠶᠠᠩ ᠤᠨ ᠨᠠᠮ ᠤᠨ ᠬᠤᠷᠢᠶᠠᠨ ᠤ ᠱᠦᠵᠢ ᠰᠦᠩ ᠹᠧᠩ  ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 8 ᠳ᠋ᠤᠭᠠᠷ ᠤᠳᠠᠭᠠᠨ ᠤ ᠲᠥᠪᠯᠡᠷᠡᠨ ᠰᠤᠷᠤᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ᠂ ᠪᠦᠭᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠢ ᠰᠡᠳᠦᠪᠲᠦ  ᠲᠤᠬᠢᠷᠠᠭᠤᠯᠤᠯᠳᠠ ᠶᠢᠨ ᠬᠤᠷᠠᠯ ᠤᠨ ᠵᠣᠷᠢᠭ ᠰᠠᠨᠠᠭ᠎ᠠ ᠵᠢᠴᠢ ︽2022 ᠣᠨ ᠤ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ  ᠵᠠᠰᠠᠬᠤ ᠠᠵᠢᠯ ᠤᠨ ᠭᠤᠣᠯᠳᠠᠯᠭ᠎ᠠ︾  ᠂ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠠᠶᠢᠨ᠎ᠠ᠃  ᠰᠦᠩ  ᠹᠧᠩ ᠬᠤᠷᠠᠯ ᠲᠡᠭᠡᠷ᠎ᠡ ᠴᠢᠬᠤᠯᠠᠴᠢᠯᠠᠬᠤ ᠳᠠᠭᠠᠨ᠄ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠯᠠᠨ᠂ ᠣᠳᠣᠬᠠᠨ ᠤ ᠰᠡᠷᠭᠡᠶᠢᠯᠡᠨ ᠡᠵᠡᠮᠳᠡᠬᠦ ᠠᠵᠢᠯ ᠤᠨ ᠪᠤᠳᠤᠯᠢᠶᠠᠨᠲᠠᠢ ᠪᠠᠶᠢᠳᠠᠯ ᠢ ᠰᠡᠷᠭᠡᠭ ᠢᠶᠠᠷ ᠲᠠᠨᠢᠵᠤ᠂ ᠬᠤᠷᠢᠭ᠎ᠠ ᠱᠤᠭᠤᠮ ᠤᠨ ᠰᠡᠳᠬᠢᠬᠦᠢ ᠪᠣᠯᠣᠨ ᠠᠶᠤᠯ ᠲᠦᠭᠰᠢᠭᠦᠷᠢ ᠶᠢᠨ ᠤᠬᠠᠮᠰᠠᠷ ᠢᠶᠠᠨ ᠤᠯᠠᠮ ᠴᠢᠩᠭᠠᠳᠬᠠᠨ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠬᠤᠶᠠᠷ ᠲᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠵᠣᠷᠯᠣᠩ ᠤᠨ ᠦᠬᠡᠷᠡᠴᠢᠯᠡᠯᠳᠡ ᠪᠣᠯᠣᠨ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠶᠢᠯ ᠲᠣᠰᠬᠤᠨ ᠤ ᠳᠦᠷᠰᠦ ᠪᠠᠶᠢᠳᠠᠯ  ᠢ ᠰᠠᠶᠢᠵᠢᠷᠠᠭᠤᠯᠤᠨ᠂ ᠠᠷᠠᠳ ᠢᠷᠭᠡᠳ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠤᠨ ᠰᠤᠷᠤᠯᠴᠠᠯᠭ᠎ᠠ ᠶᠢ ᠴᠢᠩᠭᠠᠳᠬᠠᠵᠤ᠂  ᠰᠤᠷᠤᠯᠴᠠᠬᠤ ᠠᠭᠤᠯᠭ᠎ᠠ ᠶᠢ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠤᠨ ᠤᠬᠠᠭᠤᠯᠭ᠎ᠠ ᠶᠢᠨ ᠡᠷᠴᠢᠮ   ᠢ ᠴᠢᠩᠭᠠᠷᠠᠭᠤᠯᠵᠤ᠂ ︽ᠠᠵᠢᠯ ᠬᠦᠢᠴᠡᠳᠭᠡᠬᠦ ᠳᠡᠭᠡᠨ ᠬᠠᠤᠯᠢ ᠶᠢ ᠪᠠᠷᠢᠮᠳᠠᠯᠠᠬᠤ᠂ ᠤᠴᠢᠷ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠰᠢᠢᠳᠪᠦᠷᠢᠯᠡᠬᠦ ᠳᠡᠭᠡᠨ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠠᠭᠠᠨ ᠬᠠᠤᠯᠢ ᠶᠢ ᠲᠦᠰᠢᠭᠯᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠡᠢ᠃ ᠨᠠᠮ ᠤᠨ ᠬᠤᠷᠢᠶᠠᠨ ᠤ ᠳᠡᠳ᠋ ᠱᠦᠵᠢ᠂  ᠰᠢᠶᠠᠩ ᠤᠨ ᠳᠠᠷᠤᠭ᠎ᠠ ᠵᠣᠣ ᠢᠦᠢ ᠪᠦᠦ   ᠠᠴᠠ᠂  ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠠᠵᠢᠯ   ᠢ ᠴᠢᠩᠭᠠᠳᠬᠠᠨ᠂ ᠵᠣᠬᠢᠶᠠᠨ ᠪᠠᠶᠢᠭᠤᠯᠤᠯᠲᠠ   ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ ᠂ ᠡᠭᠦᠳᠡ ᠲᠣᠭᠰᠢᠬᠤ ᠠᠵᠢᠯᠯᠠᠭ᠎ᠠ   ᠶᠢ ᠢᠳᠡᠪᠬᠢᠲᠡᠢ ᠥᠷᠨᠢᠭᠦᠯᠵᠦ᠂ ᠰᠡᠷᠭᠡᠶᠢᠯᠡᠯᠲᠡ   ᠶᠢᠨ ᠱᠤᠭᠤᠮ   ᠢ ᠥᠨᠳᠥᠷ ᠪᠠᠷᠢᠮᠵᠢᠶ᠎ᠠ᠂ ᠥᠨᠳᠥᠷ ᠱᠠᠭᠠᠷᠳᠠᠯᠭ᠎ᠠ ᠪᠠᠷ ᠪᠠᠬᠢᠵᠢᠬᠦᠯᠬᠦ ᠬᠡᠷᠡᠭᠲᠡᠢ᠃  ᠬᠦᠮᠦᠨ ᠬᠠᠷ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠠᠳᠠᠨ᠎ᠠ   ᠠᠴᠠ ᠢᠷᠡᠭᠰᠡᠳ ᠢ ᠪᠠᠶᠢᠴᠠᠭᠠᠬᠤ᠂  ᠲᠦᠭᠰᠢᠬᠦᠷᠢᠳᠦ  ᠣᠷᠣᠨ ᠤ ᠬᠥᠮᠥᠰ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠰᠡᠷᠭᠡᠶᠢᠯᠡᠨ ᠡᠵᠡᠮᠳᠡᠬᠦ ᠪᠠᠬᠢᠯᠡᠯᠲᠡ ᠶᠢ ᠪᠠᠳᠤ ᠴᠤᠭᠴᠠᠯᠠᠬᠤ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃  ᠰᠢᠶᠠᠩ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠬᠦᠳ ᠬᠤᠷᠠᠯ ᠳᠤ ᠤᠷᠤᠯᠴᠠᠵᠠᠢ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号