ᠬᠤᠩ ᠴᠢ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠦᠵᠡᠯ ᠤᠬᠠᠮᠰᠠᠷ ᠤᠨ ᠬᠡᠯᠪᠡᠷᠢ ᠶᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/13
  6 ᠰᠠᠷ᠎ᠠ ᠶᠢᠨ 10 ᠤ ᠡᠳᠦᠷ᠂  ᠬᠤᠩ ᠴᠢ ᠪᠠᠯᠭᠠᠰᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ  ᠤᠨ ᠦᠵᠡᠯ ᠤᠬᠠᠮᠰᠠᠷ ᠤᠨ ᠬᠡᠯᠪᠡᠷᠢ ᠶᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂  ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠤᠸ ᠶᠢᠩ ᠬᠤᠷᠠᠯ ᠢ ᠡᠷᠬᠢᠯᠡᠨ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠬᠤᠷᠠᠯ ᠳᠤ ᠣᠷᠣᠯᠴᠠᠵᠠᠢ᠃ ᠬᠤᠷᠠᠯ  ᠲᠡᠭᠡᠷ᠎ᠡ᠂  ᠨᠠᠮ ᠤᠨ ᠬᠤᠷᠢᠶᠠᠨ ᠤ ᠤᠬᠠᠭᠤᠯᠬᠤ ᠭᠡᠰᠢᠭᠦᠨ ᠼᠤᠤ ᠬᠠᠢ ᠠᠴᠠ  ︽ᠰᠢᠨ᠎ᠡ ᠴᠠᠭ ᠦᠶ᠎ᠡ ᠶᠢᠨ ᠨᠠᠮ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠵᠢᠯᠤᠭᠤᠳᠬᠤ ᠬᠥᠲᠥᠯᠪᠦᠷᠢ︾ ᠶᠢ  ᠲᠠᠭᠠᠭᠤᠯᠤᠨ ᠰᠤᠷᠤᠯᠴᠠᠪᠠ᠃ ᠳᠠᠷᠠᠭ᠎ᠠ ᠨᠢ  ᠂ ᠤᠳᠤᠷᠢᠳᠬᠤ ᠪᠠᠭ ᠤᠨ ᠭᠡᠰᠢᠬᠦᠳ   ᠠᠴᠠ ᠲᠤᠰ ᠲᠤᠰ ᠤᠨ ᠠᠵᠢᠯ ᠪᠠ  ᠪᠠᠯᠭᠠᠰᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠶᠠᠭᠤᠨ ᠤ ᠤᠴᠢᠷ ᠠᠴᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭᠠᠳᠬᠠᠬᠤ᠂ ᠰᠢᠶᠠᠩ ᠪᠠᠯᠭᠠᠰᠤᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ  ᠶᠠᠭᠠᠬᠢᠵᠤ ᠤᠯᠠᠮ ᠰᠠᠶᠢᠨ ᠬᠢᠬᠦ᠂ ᠬᠤᠪᠢ ᠬᠥᠮᠥᠨ ᠤ ᠦᠵᠡᠯ ᠤᠬᠠᠮᠰᠠᠷ ᠤᠨ ᠬᠡᠯᠪᠡᠷᠢ ᠶᠢᠨ ᠰᠤᠷᠤᠯᠴᠠᠯᠭ᠎ᠠ ᠶᠢ ᠬᠡᠷᠬᠢᠨ ᠴᠢᠩᠭᠠᠳᠬᠠᠬᠤ ᠵᠡᠷᠭᠡ ᠠᠭᠤᠯᠭ᠎ᠠ ᠶᠢᠨ  ᠲᠤᠭᠤᠷᠢᠨ ᠳᠤ ᠲᠤᠰᠬᠠᠢ ᠰᠡᠳᠦᠪ ᠢᠶᠠᠷ ᠶᠠᠷᠢᠯᠴᠠᠨ ᠰᠤᠳᠤᠯᠤᠭᠰᠠᠨ ᠪᠠᠶᠢᠨ᠎ᠠ᠃  ᠬᠤᠷᠠᠯ ᠠᠴᠠ ᠴᠢᠬᠤᠯᠠᠴᠢᠯᠠᠬᠤ  ᠳᠠᠭᠠᠨ᠂ ᠨᠢᠭᠡ ᠳᠤ ᠦᠵᠡᠯ ᠤᠬᠠᠮᠰᠠᠷ ᠤᠨ ᠬᠡᠯᠪᠡᠷᠢ ᠶᠢᠨ ᠰᠠᠭᠤᠷᠢᠨ ᠭᠠᠵᠠᠷ ᠢ ᠪᠠᠲᠤ ᠰᠠᠬᠢᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃  ᠤᠳᠤᠷᠢᠳᠬᠤ ᠺᠠᠳ᠋ᠷᠴᠤᠳ ᠲᠣᠯᠣᠭᠠᠶᠢᠯᠠᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠠᠮ ᠠᠴᠠ ᠤᠬᠠᠭᠤᠯᠭ᠎ᠠ ᠶᠢ ᠬᠠᠮᠢᠶᠠᠷᠬᠤ᠂ ᠨᠠᠮ ᠠᠴᠠ ᠦᠵᠡᠯ ᠤᠬᠠᠮᠰᠠᠷ ᠤᠨ ᠬᠡᠯᠪᠡᠷᠢ ᠶᠢ ᠬᠠᠮᠢᠶᠠᠷᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃ ᠬᠤᠶᠠᠷ ᠲᠤ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠲᠤᠬᠠᠢ ᠰᠢᠷᠢᠰ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂  ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠨᠠᠮ ᠤᠨ ᠪᠠᠶᠢᠭᠤᠯᠤᠯᠲᠠ ᠪᠠ ᠵᠠᠰᠠᠭ ᠤᠨ ᠡᠷᠬᠡ ᠶᠢᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠭᠠᠬᠤ ᠬᠡᠷᠡᠭᠲᠡᠢ᠃ ᠭᠤᠷᠪᠠ ᠳᠤ  ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠶᠢ ᠰᠠᠶᠢᠲᠤᠷ ᠠᠳᠬᠤᠵᠤ᠂ ᠢᠳᠡᠪᠬᠢ ᠬᠦᠴᠦᠨ ᠢ ᠤᠯᠠᠮᠵᠢᠯᠠᠨ ᠨᠢᠭᠲᠠᠷᠠᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠤᠬᠠᠭᠤᠯᠭ᠎ᠠ ᠶᠢᠨ ᠰᠠᠮᠪᠠᠷ᠎ᠠ᠂ ᠲᠤᠮᠤ ᠯᠠᠪᠠᠷ᠂  ᠸᠢᠴᠠᠲ ᠵᠡᠷᠭᠡ ᠠᠴᠢᠶᠠᠯᠠᠪᠤᠷᠢ ᠪᠣᠯᠣᠨ ᠲᠠᠪᠴᠠᠩ ᠢ ᠭᠦᠢᠴᠡᠳ ᠠᠰᠢᠭᠯᠠᠵᠤ᠂ ᠨᠠᠮ ᠤᠨ ᠭᠡᠰᠢᠭᠦᠨ ᠤᠯᠠᠨ ᠲᠦᠮᠡᠨ ᠤ ᠦᠵᠡᠯ ᠰᠠᠨᠠᠭᠠᠨ ᠤ ᠬᠥᠮᠦᠵᠢᠯ ᠢ ᠦᠷᠨᠢᠬᠦᠯᠦᠨ᠂ ᠵᠥᠪ ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠶᠢ ᠲᠡᠭᠡᠭᠰᠢᠯᠡᠬᠦᠯᠦᠨ᠂ ᠤᠯᠠᠨ ᠠᠷᠭ᠎ᠠ ᠶᠢ ᠵᠡᠷᠭᠡᠪᠡᠷ ᠬᠡᠷᠡᠭᠵᠢᠭᠦᠯᠵᠦ᠂ ᠮᠠᠨ ᠤ ᠪᠠᠯᠭᠠᠰᠤᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ  ᠠᠬᠢᠭᠤᠯᠬᠤ ᠬᠡᠷᠡᠭᠲᠡᠢ ᠭᠡᠵᠦ  ᠭᠡᠵᠡᠢ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号