ᠯᠥᠸᠧ ᠲᠦᠸᠧ ᠱᠠᠨ ᠪᠠᠯᠭᠠᠰᠤ ᠨᠡᠶᠢᠭᠡᠮ ᠤᠨ ᠵᠥᠷᠢᠴᠡᠯ ᠢ  ᠪᠠᠶᠢᠴᠠᠭᠠᠨ ᠰᠢᠢᠳᠪᠦᠷᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ  ᠬᠢᠭᠰᠡᠨ
ᠨᠡᠶᠢᠲᠡᠯᠡᠭᠰᠡᠨ ᠴᠠᠭ᠄
2022/6/13
  ᠪᠦᠬᠦ ᠪᠠᠯᠭᠠᠰᠤᠨ ᠤ ᠠᠮᠤᠷ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠶᠢᠨ ᠲᠥᠯᠥᠭᠡ᠂ 6 ᠰᠠᠷ᠎ᠠ ᠶᠢᠨ 9  ᠤ ᠡᠳᠦᠷ ᠯᠥᠸᠧ  ᠲᠦᠸᠧ ᠱᠠᠨ ᠪᠠᠯᠭᠠᠰᠤ ᠨᠠᠮ ᠤᠨ ᠬᠤᠷᠢᠳᠤᠭᠠᠷ ᠶᠡᠭᠡ ᠬᠤᠷᠠᠯ ᠢ ᠤᠭᠳᠤᠵᠤ᠂ ᠨᠡᠶᠢᠭᠡᠮ ᠤᠨ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠪᠠᠯᠭᠠᠰᠤᠨ ᠤ  ᠤᠳᠤᠷᠢᠳᠬᠤ ᠪᠠᠭ ᠤᠨ ᠭᠡᠰᠢᠬᠦᠳ ᠪᠠ ᠪᠦᠬᠦ ᠺᠠᠳ᠋ᠷ ᠠᠵᠢᠯᠲᠠᠨ᠂ ᠡᠯ᠎ᠡ ᠲᠣᠰᠬᠤᠨ ᠤ  ᠨᠠᠮ  ᠤᠨ ᠡᠬᠦᠷ ᠤᠨ ᠱᠦᠵᠢ ᠬᠤᠷᠠᠯ ᠳᠤ  ᠤᠷᠤᠯᠴᠠᠵᠠᠢ᠃ ᠬᠤᠷᠠᠯ ᠳᠡᠭᠡᠷ᠎ᠡ  ᠨᠠᠮ ᠤᠨ ᠬᠤᠷᠢᠶᠠᠨ ᠤ ᠳᠡᠳ᠋ ᠱᠦᠵᠢ ᠸᠠᠩ ᠯᠢ ᠶᠦᠨ ᠠᠴᠠ ︽ᠨᠠᠮ ᠤᠨ ᠬᠤᠷᠢᠳᠤᠭᠠᠷ ᠶᠡᠭᠡ ᠬᠤᠷᠠᠯ   ᠢ  ᠤᠭᠳᠤᠵᠤ᠂ ᠨᠡᠶᠢᠭᠡᠮ ᠤᠨ ᠵᠥᠷᠢᠴᠡᠯ ᠵᠢᠭᠤᠷᠠᠭᠠᠨ ᠢ ᠶᠡᠭᠡ ᠪᠠᠷ  ᠪᠠᠶᠢᠴᠠᠭᠠᠨ ᠰᠢᠢᠳᠪᠦᠷᠢᠯᠡᠬᠦ ᠠᠵᠢᠯ   ᠢ ᠥᠷᠨᠢᠭᠦᠯᠬᠦ ᠲᠤᠬᠠᠢ  ᠲᠦᠰᠦᠪ︾ ᠤᠨ ᠵᠣᠷᠢᠭ ᠰᠠᠨᠠᠭ᠎ᠠ   ᠶᠢ ᠤᠯᠠᠮᠵᠢᠯᠠᠵᠤ᠂  ᠲᠣᠰᠬᠤᠨ ᠤ ᠺᠠᠳ᠋ᠷ  ᠠᠵᠢᠯᠳᠠᠳ ᠢ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠠᠶᠢᠯ ᠡᠷᠦᠬᠡ ᠪᠠᠷ  ᠲᠤᠭᠤᠷᠢᠵᠤ᠂ ᠣᠯᠠᠨ ᠲᠦᠮᠡᠨ ᠤ ᠳᠤᠮᠳᠠ ᠬᠦᠨᠵᠡᠬᠡᠶᠢᠷᠡᠨ᠂ ᠲᠤᠰ ᠭᠠᠵᠠᠷ ᠤᠨ ᠢᠶᠠᠨ ᠡᠯ᠎ᠡ ᠲᠥᠷᠥᠯ ᠤᠨ ᠨᠡᠶᠢᠭᠡᠮ ᠤᠨ ᠵᠥᠷᠢᠴᠡᠯ ᠵᠢᠭᠤᠷᠠᠭᠠᠨ ᠪᠠ ᠴᠤᠬᠤᠶᠢᠯᠲᠠ ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ᠂ ᠳᠠᠯᠳᠠ ᠴᠢᠨᠠᠷᠲᠠᠢ ᠠᠰᠠᠭᠤᠳᠠᠯ ᠳᠤ ᠲᠣᠣᠷ ᠲᠠᠲᠠᠬᠤ ᠮᠠᠶ᠋ᠢᠭ ᠤᠨ᠂ ᠬᠡᠪᠢᠰ ᠲᠡᠪᠢᠰᠬᠦ  ᠮᠠᠶ᠋ᠢᠭ ᠤᠨ  ᠶᠡᠭᠡ ᠪᠠᠶᠢᠴᠠᠭᠠᠯᠲᠠ ᠬᠢᠵᠦ᠂ ᠣᠨᠴᠠᠭᠠᠶ ᠠᠰᠢᠭ ᠲᠤᠰᠠ ᠶᠢᠨ  ᠪᠦᠯᠦᠭᠯᠡᠯ ᠤᠨ ᠵᠥᠷᠢᠴᠡᠯ ᠤᠨ ᠳᠠᠯᠳᠠ ᠬᠡᠮ ᠢ ᠭᠤᠣᠯᠳᠠᠯᠭ᠎ᠠ ᠲᠠᠢ  ᠠᠩᠬᠠᠷᠤᠨ᠂  ᠭᠠᠵᠠᠷ ᠰᠢᠷᠣᠢ ᠬᠠᠳᠤᠯᠠᠩ ᠪᠡᠯᠴᠢᠭᠡᠷ᠂ ᠣᠷᠴᠢᠨ ᠲᠣᠭᠤᠷᠢᠨ ᠤ ᠬᠠᠮᠠᠭᠠᠯᠠᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠵᠥᠷᠢᠴᠡᠯ ᠤᠨ ᠳᠠᠯᠳᠠ ᠬᠡᠮ ᠪᠠ ᠲᠦᠪᠡᠭ ᠪᠤᠳᠤᠯᠢᠶᠠᠨᠲᠠᠢ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠤᠯᠠᠮ ᠴᠢᠨᠠᠭᠰᠢᠳᠠ ᠡᠮᠬᠢᠯᠡᠨ ᠳᠢᠭᠯᠡᠵᠦ᠂ ᠡᠯ᠎ᠡ ᠲᠥᠷᠥᠯ ᠤᠨ ᠭᠤᠣᠯᠳᠠᠯᠭ᠎ᠠ ᠲᠠᠢ ᠪᠦᠯᠦᠭᠯᠡᠯ ᠵᠢᠴᠢ ᠭᠤᠣᠯ ᠪᠣᠯᠬᠤ ᠬᠦᠰᠡᠯ ᠱᠠᠭᠠᠷᠳᠠᠯᠭ᠎ᠠ ᠶᠢ ᠪᠥᠬᠦ ᠲᠠᠯ᠎ᠠ ᠪᠠᠷ ᠡᠵᠡᠮᠰᠢᠨ᠂ ᠡᠯ᠎ᠡ ᠲᠥᠷᠥᠯ ᠤᠨ ᠨᠡᠶᠢᠭᠡᠮ ᠤᠨ ᠵᠥᠷᠢᠴᠡᠯ ᠵᠢᠭᠤᠷᠠᠭᠠᠨ ᠪᠠ ᠠᠰᠠᠭᠤᠳᠠᠯ ᠤᠨ ᠳᠠᠯᠳᠠ ᠬᠡᠮ ᠤᠨ ᠮᠡᠳᠡᠭᠡ ᠵᠠᠩᠭᠢ ᠶᠢᠨ ᠰᠠᠭᠤᠷᠢ ᠲᠤᠭ᠎ᠠ ᠲᠣᠳᠣᠷᠬᠠᠢ᠂ ᠪᠠᠶᠢᠳᠠᠯ ᠲᠣᠳᠣᠷᠬᠠᠢ ᠪᠠᠶᠢᠬᠤ ᠶᠢ ᠦᠨᠡᠨᠬᠦ ᠪᠠᠲᠤᠯᠠᠵᠤ᠂ ᠵᠥᠷᠢᠴᠡᠯ ᠠᠷᠢᠯᠭᠠᠬᠤ ᠠᠵᠢᠯ ᠢ ᠦᠨᠡᠨᠬᠦ  ᠰᠠᠶᠢᠨ ᠬᠢᠬᠦ ᠭᠡᠷᠡᠭᠳᠡᠢ ᠬᠡᠵᠦ ᠱᠠᠭᠠᠷᠳᠠᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠭᠠᠲᠤᠷ ᠴᠢᠬᠤᠯᠠᠴᠢᠯᠠᠬᠤ ᠳᠠᠭᠠᠨ᠂ ᠡᠯ᠎ᠡ ᠲᠣᠰᠬᠤᠨ ᠤ ᠬᠢᠨ ᠭᠤᠣᠯᠳᠠᠯᠭ᠎ᠠ ᠲᠠᠢ ᠬᠥᠮᠥᠰ ᠢ ᠪᠠᠶᠢᠴᠠᠭᠠᠬᠤ ᠪᠠᠨ ᠴᠢᠩᠭᠠᠳᠬᠠᠵᠤ᠂ ᠠᠮᠠᠷᠬᠠᠨ ᠬᠡᠷᠡᠭ ᠭᠠᠷᠭᠠᠵᠤ  ᠤᠷᠰᠢᠭ ᠲᠠᠳᠠᠬᠤ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠢ  ᠰᠠᠶᠢᠳᠤᠷ ᠬᠠᠮᠢᠶᠠᠷᠤᠨ ᠡᠵᠡᠮᠳᠡᠵᠤ᠂ ᠬᠡᠲᠦᠷᠡᠮᠡᠬᠡᠢ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ  ᠃  ᠬᠤᠤᠷ᠎ᠠ ᠴᠠᠭᠠᠵᠠᠯᠠᠬᠤ᠂  ᠨᠡᠶᠢᠭᠡᠮ ᠲᠣᠭᠤᠷᠢᠭ ᠤᠨ ᠵᠠᠰᠠᠯᠲᠠ ᠵᠡᠷᠭᠡ ᠳᠤ ᠬᠤᠯᠪᠤᠭᠳᠠᠭᠰᠠᠨ ᠣᠨᠴᠠᠭᠠᠢ ᠬᠥᠮᠥᠰ  ᠤᠨ ᠬᠠᠮᠢᠶᠠᠷᠤᠯᠲᠠ ᠶᠢ ᠴᠢᠩᠭᠠᠳᠬᠠᠵᠤ᠂ ᠵᠠᠪᠰᠠᠷ ᠦᠭᠡᠢ ᠵᠣᠯᠭᠠᠭᠤᠯᠬᠤ ᠲᠣᠭᠲᠠᠴᠠ ᠶᠢ  ᠨᠠᠶᠢᠳᠠᠪᠤᠷᠢᠵᠢᠭᠤᠯᠤᠨ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶᠠᠷᠤᠯᠲᠠ ᠠᠯᠳᠠᠭᠳᠠᠵᠤ ᠲᠠᠬᠢᠨ ᠶᠠᠯ᠎ᠠ ᠬᠢᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠭᠠᠳᠠᠨ᠎ᠠ ᠠᠴᠠ ᠢᠷᠡᠭᠰᠡᠨ ᠬᠦᠯᠦᠰᠦᠨ ᠠᠵᠢᠯᠴᠢᠨ ᠢᠶᠠᠷ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠭᠤᠣᠯᠳᠠᠯᠭ᠎ᠠ ᠪᠣᠯᠭᠠᠵᠤ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠡᠷᠴᠢᠮ ᠢ  ᠴᠢᠩᠭᠠᠷᠠᠭᠤᠯᠤᠨ᠂ ᠤᠯᠠᠨ ᠲᠦᠮᠡᠨ  ᠤ ᠤᠬᠠᠮᠰᠠᠷ ᠢ  ᠲᠡᠭᠡᠭᠰᠢᠯᠡᠬᠦᠯᠵᠦ᠂ ᠬᠠᠤᠯᠢ ᠶᠢᠨ ᠵᠡᠪᠰᠡᠭ ᠢᠶᠠᠷ ᠵᠥᠷᠢᠴᠡᠯ ᠵᠢᠭᠤᠷᠠᠭᠠᠨ ᠢ ᠠᠷᠢᠯᠭᠠᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠵᠡᠢ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号