ᠬᠤᠰᠢᠭᠤ ᠲᠠᠷᠤᠭ᠎ᠠ ᠴᠧᠨ ᠶᠠᠨ ᠪᠦᠦ ᠬᠤᠩ ᠴᠢ ᠪᠠᠯᠭᠠᠰᠤᠨ ᠳᠤ ᠠᠵᠢᠯ ᠪᠠᠶᠢᠴᠠᠭᠠᠵᠠᠢ
ᠨᠡᠶᠢᠲᠡᠯᠡᠭᠰᠡᠨ ᠴᠠᠭ᠄
2022/6/13
 6 ᠰᠠᠷ᠎ᠠ ᠶᠢᠨ 9 ᠤ ᠡᠳᠦᠷ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠴᠧᠨ ᠶᠠᠨ ᠪᠦᠦ  ᠬᠤᠩ ᠴᠢ ᠪᠠᠯᠭᠠᠰᠤᠨ ᠳᠤ ᠬᠦᠨᠵᠡᠬᠡᠶᠢᠷᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂  ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢ  ᠪᠠᠶᠢᠴᠠᠭᠠᠨ  ᠵᠢᠯᠤᠭᠤᠳᠴᠠᠢ᠃ ᠴᠧᠨ ᠶᠠᠨ ᠪᠦᠦ ᠤᠷᠢᠳ ᠬᠤᠵᠢᠳ ᠬᠤᠩ ᠵᠢᠩ ᠲᠣᠰᠬᠤᠨ᠂ ᠬᠤᠩ ᠴᠢ ᠲᠣᠰᠬᠤᠨ ᠳᠤ ᠬᠦᠷᠴᠦ  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ᠂ ᠠᠵᠤ ᠦᠢᠯᠡᠰ ᠤᠨ ᠬᠦᠭᠵᠢᠬᠦᠯᠦᠯᠳᠡ ᠶᠢᠨ ᠲᠦᠷᠦᠯ ᠵᠦᠢᠯ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠣᠯᠣᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ  ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ︽ᠡᠷᠬᠢᠨ ᠬᠠᠷᠠᠬᠤ︾ ᠲᠤᠰᠬᠠᠢ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠲᠠᠷᠢᠶᠠᠴᠢᠨ ᠡᠷᠦᠬᠡ  ᠪᠠᠷ ᠤᠷᠤᠵᠤ᠂  ᠵᠣᠷᠯᠣᠩ ᠤᠨ ᠥᠭᠡᠷᠡᠴᠢᠯᠡᠯᠲᠡ ᠪᠣᠯᠣᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠵᠡᠷᠭᠡ ᠢ ᠨᠠᠷᠢᠨ  ᠤᠶᠢᠯᠠᠭᠠᠭᠰᠠᠨ ᠪᠠᠶᠢᠨ᠎ᠠ᠃ ᠴᠧᠨ ᠶᠠᠨ ᠪᠦᠦ ᠴᠢᠬᠤᠯᠠᠴᠢᠯᠠᠬᠤ ᠳᠠᠭᠠᠨ᠂ ᠬᠢᠵᠢᠭ ᠤᠨ ᠪᠠᠶᠢᠳᠠᠯ   ᠢ ᠰᠡᠷᠭᠡᠶᠢᠯᠡᠨ  ᠡᠵᠡᠮᠳᠡᠬᠦ ᠠᠵᠢᠯ   ᠢ ᠣᠳᠣᠬᠠᠨ ᠤ ᠠᠵᠢᠯ ᠤᠨ ᠭᠤᠣᠯᠳᠠᠯᠭ᠎ᠠ   ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠠᠯᠮᠠᠶᠢᠷᠠᠵᠤ ᠮᠢᠨᠴᠦᠭᠦᠷᠡᠬᠦ ᠦᠵᠡᠯ ᠰᠠᠨᠠᠭ᠎ᠠ ᠪᠣᠯᠣᠨ ᠠᠵᠠ ᠬᠠᠷᠠᠬᠤ ᠪᠤᠳᠤᠯ ᠰᠡᠳᠬᠢᠯᠭᠡ   ᠶᠢ ᠡᠷᠡᠰ  ᠲᠡᠪᠴᠢᠨ᠂ ︽ᠭᠠᠳᠠᠨ᠎ᠠ   ᠠᠴᠠ ᠤᠷᠤᠬᠤ ᠶᠢ ᠰᠡᠷᠭᠡᠶᠢᠯᠡᠬᠦ︾ ᠪᠣᠭᠤᠮᠲᠠ   ᠶᠢ ᠴᠢᠩᠭ᠎ᠠ ᠰᠠᠬᠢᠵᠤ᠂ ᠡᠯ᠎ᠡ  ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ   ᠶᠢ ᠰᠠᠶᠢᠲᠤᠷ  ᠨᠠᠶᠢᠳᠠᠪᠤᠷᠢᠵᠢᠭᠤᠯᠤᠨ᠂  ᠤᠬᠠᠭᠤᠯᠭ᠎ᠠ ᠶᠢᠨ ᠡᠷᠴᠢᠮ   ᠢᠶᠠᠨ ᠴᠢᠩᠭᠠᠷᠠᠭᠤᠯᠵᠤ᠂ ᠣᠯᠠᠨ ᠲᠦᠮᠡᠨ ᠤ ᠬᠠᠮᠳᠤ ᠪᠠᠷ ᠰᠡᠷᠭᠡᠶᠢᠯᠡᠵᠦ ᠬᠠᠮᠳᠤ ᠪᠠᠷ ᠡᠵᠡᠮᠳᠡᠬᠦ ᠤᠬᠠᠮᠰᠠᠷ   ᠢ ᠳᠡᠭᠡᠭᠰᠢᠯᠡᠭᠦᠯᠦᠨ᠂ ᠬᠢᠵᠢᠭ ᠰᠡᠷᠭᠡᠶᠢᠯᠡᠯᠲᠡ   ᠶᠢᠨ ᠱᠤᠭᠤᠮ   ᠢ ᠦᠨᠡᠨᠬᠦ  ᠪᠠᠳᠤ ᠴᠤᠭᠴᠠᠯᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠤᠨ ︽ᠡᠷᠬᠢᠨ ᠬᠠᠷᠠᠬᠤ︾ ᠲᠤᠰᠬᠠᠢ ᠠᠵᠢᠯᠯᠠᠭ᠎ᠠ ᠶᠢ ᠨᠠᠷᠢᠨ ᠬᠢᠨᠠᠮᠠᠭᠠᠢ ᠥᠷᠨᠢᠭᠦᠯᠵᠦ᠂ ᠪᠠᠶᠢᠴᠠᠭᠠᠨ ᠴᠡᠭᠴᠡᠯᠡᠬᠦ ᠠᠵᠢᠯ ᠢ ᠴᠢᠩᠭ᠎ᠠ  ᠮᠦᠷᠳᠡᠭᠡᠨ ᠪᠣᠳᠠᠲᠠᠢ ᠠᠳᠬᠤᠵᠤ᠂  ᠭᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠦᠨᠡᠨᠬᠦ  ᠪᠠᠬᠢᠵᠢᠬᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠰᠠᠭᠤᠷᠢ ᠲᠠᠯᠪᠢᠬᠤ ᠬᠡᠷᠡᠭᠲᠡᠢ  ᠃ ᠤᠯᠠᠨ ᠲᠦᠮᠡᠨ ᠤ ︽ᠶᠠᠭᠠᠷᠠᠵᠤ ᠵᠤᠪᠠᠵᠤ ᠬᠦᠴᠢᠷᠳᠡᠵᠦ ᠬᠦᠰᠡᠵᠦ︾  ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦᠯ ᠵᠦᠢᠯ ᠢ ᠵᠣᠬᠢᠰᠲᠠᠢ  ᠲᠦᠯᠦᠪᠵᠢᠬᠦᠯᠦᠨ᠂ ᠪᠡᠯᠡ ᠮᠥᠩᠭᠦ ᠶᠢ ᠦᠨᠡᠨᠬᠦ ᠵᠠᠩᠭᠢᠯᠠᠭ᠎ᠠ ᠶᠢᠨ ᠭᠠᠵᠠᠷ  ᠲᠤᠨᠢ ᠬᠡᠷᠡᠭᠯᠡᠵᠦ  ᠂ ᠠᠵᠤ ᠦᠢᠯᠡᠰ ᠤᠨ ᠳᠤᠲᠠᠭᠤᠳᠠᠯ ᠢ ᠨᠦᠬᠦᠪᠦᠷᠢᠯᠡᠨ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠣᠳᠠᠲᠠᠶᠢᠵᠢᠭᠤᠯᠤᠨ ᠰᠢᠯᠢᠳᠡᠭᠵᠢᠭᠦᠯᠵᠦ᠂ ᠴᠡᠭ ᠢᠶᠠᠷ ᠨᠡᠶᠢᠳᠡᠮ ᠢ ᠳᠠᠶᠢᠴᠢᠯᠠᠨ ᠬᠦᠳᠡᠭᠡ ᠲᠤᠰᠬᠤᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠦᠳᠡᠭᠡ ᠲᠤᠰᠬᠤᠨ ᠤ ᠨᠡᠶᠢᠲᠡ ᠶᠢᠨ ᠡᠳ᠋ ᠬᠥᠷᠥᠩᠭᠡ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂  ᠲᠠᠷᠢᠶᠠᠴᠢᠳ ᠢ ᠰᠠᠶᠢᠨ ᠰᠠᠶᠢᠬᠠᠨ ᠠᠮᠢᠳᠤᠷᠠᠯ ᠤᠨ ᠵᠠᠩ ᠳᠠᠳᠬᠠᠯ ᠲᠠᠢ ᠪᠤᠯᠭᠠᠵᠤ᠂  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠵᠠᠰᠠᠬᠤ᠂  ᠠᠶᠢᠯ ᠬᠤᠳᠠᠨ ᠤ ᠳᠦᠷᠰᠦ ᠪᠠᠶᠢᠳᠠᠯ ᠢ  ᠰᠠᠶᠢᠵᠢᠷᠠᠭᠤᠯᠬᠤ ᠵᠡᠷᠭᠡ ᠡᠯ᠎ᠡ  ᠲᠦᠷᠦᠯ ᠤᠨ ᠠᠵᠢᠯ ᠢ ᠪᠥᠬᠦ ᠲᠠᠯ᠎ᠠ ᠪᠠᠷ ᠰᠠᠶᠢᠨ ᠬᠢᠬᠦ ᠬᠡᠷᠡᠭᠲᠡᠢ ᠭᠡᠪᠡ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号