ᠶᠠᠩ ᠶᠢᠨ ᠮᠢᠩ ᠠᠵᠤ ᠠᠬᠤᠶᠢᠯᠠᠯ ᠳᠤ ᠬᠦᠨᠵᠡᠬᠡᠶᠢᠷᠡᠵᠦ ᠪᠠᠶᠢᠴᠠᠭᠠᠨ ᠰᠤᠳᠤᠯᠤᠭᠰᠠᠨ
ᠨᠡᠶᠢᠲᠡᠯᠡᠭᠰᠡᠨ ᠴᠠᠭ᠄
2022/6/15
 6 ᠰᠠᠷ᠎ᠠ ᠶᠢᠨ 14 ᠤ ᠡᠳᠦᠷ᠂  ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠩ ᠶᠢᠨ ᠮᠢᠩ ︽ᠲᠠᠩ ᠾᠧ︾ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ︽ᠭᠧ ᠷᠦᠢ ᠳ᠋ᠧ︾  ᠲᠦᠮᠦᠰᠦᠨ ᠤ  ᠦᠢᠯᠡᠰ ᠤᠨ ᠪᠦᠯᠦᠭᠯᠡᠯ᠂  ︽ᠸᠧᠢ ᠪᠧᠢ︾ ᠮᠠᠰᠢᠨ ᠮᠧᠬᠠᠨᠢᠭ ᠤᠨ ᠦᠢᠯᠡᠳᠪᠦᠷᠢ ᠵᠡᠷᠭᠡ ᠲᠠᠶᠢᠹᠤᠰᠧ ᠬᠤᠰᠢᠭᠤᠨ ᠳᠤ ᠰᠠᠭᠤᠭ᠎ᠠ ᠭᠡᠰᠡᠭ ᠠᠵᠤ ᠠᠬᠤᠶᠢᠯᠠᠯ ᠳᠤ ᠬᠦᠨᠵᠡᠬᠡᠶᠢᠷᠡᠵᠦ ᠪᠠᠶᠢᠴᠠᠭᠠᠨ ᠰᠤᠳᠤᠯᠤᠯᠲᠠ ᠬᠢᠵᠡᠢ᠃ ᠯᠢᠦ ᠲᠢᠩ ᠰᠢᠸ᠂ ᠴᠢ ᠵᠢᠦ ᠴᠧᠩ᠂ ᠵᠣᠣ ᠶᠦᠩ᠂ ᠮᠠ ᠵᠥᠩ ᠰᠢᠶᠦ᠋ᠨ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︽ᠲᠠᠩ ᠾᠧ︾  ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠦᠭᠡᠳ᠂ ᠶᠠᠩ ᠶᠢᠨ ᠮᠢᠩ ᠡᠯ᠎ᠡ ᠦᠢᠯᠡᠳᠪᠦᠷᠢᠯᠡᠯ ᠤᠨ ᠲᠠᠰᠤᠭ ᠲᠤ ᠭᠦᠨᠵᠡᠭᠡᠶᠢᠷᠡᠨ ᠬᠢᠵᠢᠭ ᠤᠨ ᠬᠤᠭᠤᠴᠠᠭᠠᠨ ᠳᠠᠬᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠦᠵᠡᠵᠦ᠂ ᠴᠢᠨᠠᠷ ᠰᠠᠶᠢᠲᠠᠢ ᠬᠥᠭᠵᠢᠯᠲᠡ ᠵᠢᠴᠢ  ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠦᠭᠰᠡᠨ ᠪᠠᠶᠢᠳᠠᠯ ᠤᠨ ᠲᠤᠬᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠪᠤᠳᠤᠯ ᠢᠶᠠᠨ ᠭᠦᠨᠵᠡᠭᠡᠢ ᠰᠤᠯᠢᠯᠴᠠᠨ᠂ ᠠᠵᠤ ᠠᠬᠤᠶᠢᠯᠠᠯ ᠳᠤ ᠲᠤᠯᠭᠠᠷᠠᠭᠰᠠᠨ ᠬᠦᠴᠢᠷᠳᠡᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠤᠶᠢᠯᠠᠭᠠᠭᠰᠠᠨ ᠤ  ᠬᠠᠮᠳᠤ᠂ ᠠᠵᠤ ᠠᠬᠤᠶᠢᠯᠠᠯ   ᠨᠢ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠣᠶᠤᠨᠴᠢᠯᠠᠯᠲᠠ ᠶᠢᠨ ᠬᠢᠷᠢ ᠲᠦᠪᠰᠢᠨ ᠢᠶᠠᠨ ᠴᠢᠨᠠᠭᠰᠢᠳᠠ ᠳᠡᠭᠡᠭᠰᠢᠯᠡᠭᠦᠯᠦᠨ᠂ ᠥᠷᠢᠰᠦᠯᠳᠦᠬᠦ ᠬᠦᠴᠦᠨ ᠢᠶᠠᠨ ᠴᠢᠩᠭᠠᠷᠠᠭᠤᠯᠵᠤ᠂ ᠰᠢᠨ᠎ᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂  ᠡᠷᠳᠡ ᠨᠢᠬᠡ ᠡᠳᠦᠷ ᠠᠰᠢᠭᠯᠠᠯᠲᠠ ᠳᠤ ᠣᠷᠣᠭᠤᠯᠵᠤ᠂ ᠬᠤᠯᠪᠣᠭᠳᠠᠯ ᠪᠦᠬᠦᠢ ᠠᠵᠤ ᠦᠢᠯᠡᠰ ᠤᠨ ᠬᠥᠭᠵᠢᠯᠲᠡ ᠶᠢ ᠲᠠᠶᠢᠴᠢᠯᠠᠬᠤ ᠬᠡᠷᠡᠭᠲᠡᠢ ᠬᠡᠵᠦ ᠱᠠᠭᠠᠷᠳᠠᠪᠠ᠃  ᠪᠠᠶᠢᠴᠠᠭᠠᠨ ᠰᠤᠳᠤᠯᠬᠤ ᠲᠤᠭᠤᠶᠢᠯᠠᠩ ᠤᠨ ᠬᠢᠨ ︽ᠭᠧ ᠷᠦᠢ ᠳ᠋ᠧ︾  ᠲᠦᠮᠦᠰᠦᠨ ᠤ  ᠦᠢᠯᠡᠰ ᠤᠨ ᠪᠦᠯᠦᠭᠯᠡᠯ ᠳᠤ ᠬᠦᠷᠦᠭᠡᠳ᠂  ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠣᠳᠣᠬᠢ ᠪᠠᠶᠢᠳᠠᠯ ᠪᠠ ᠬᠤᠶᠢᠰᠢᠳᠠ ᠶᠢᠨ ᠬᠠᠨᠳᠤᠰᠢ᠂ ᠦᠢᠯᠡᠳᠬᠦᠨ ᠤ ᠪᠣᠷᠤᠯᠠᠭᠤᠯᠭ᠎ᠠ ᠶᠢᠨ ᠬᠡᠮᠵᠢᠶ᠎ᠡ ᠪᠣᠯᠣᠨ ᠵᠠᠬ᠎ᠠ ᠳᠡᠯᠭᠡᠭᠦᠷ ᠤᠨ ᠢᠷᠡᠭᠡᠳᠦᠢ ᠵᠡᠷᠭᠡ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠤᠨᠤᠰᠤᠨ᠂  ᠣᠷᠣᠰᠢᠵᠤ ᠪᠠᠶᠢᠭ᠎ᠠ ᠬᠦᠴᠢᠷᠳᠡᠯ ᠪᠣᠯᠣᠨ ᠳᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠶᠢᠨ ᠲᠠᠯ᠎ᠠ ᠪᠠᠷ ᠭᠤᠣᠯᠳᠠᠯᠭ᠎ᠠ ᠲᠠᠢ ᠰᠠᠨᠠᠯ ᠢᠶᠠᠨ  ᠰᠤᠯᠢᠯᠴᠠᠭᠰᠠᠨ ᠪᠠᠶᠢᠨ᠎ᠠ᠃ ᠶᠠᠩ ᠶᠢᠨ ᠮᠢᠩ ᠵᠢᠭᠠᠵᠤ ᠭᠠᠷᠭᠠᠬᠤ ᠳᠠᠭᠠᠨ  ᠂  ︽ᠭᠧ ᠷᠦᠢ ᠳ᠋ᠧ︾  ᠪᠦᠯᠦᠭᠯᠡᠯ ᠤᠨ ᠲᠦᠮᠦᠰᠦᠨ ᠤ ᠲᠦᠷᠦᠯ ᠨᠢ ᠰᠢᠯᠢᠳᠡᠭ᠂ ᠭᠠᠷᠤᠯᠲᠠ ᠨᠢ ᠥᠨᠳᠥᠷ ᠪᠠᠶᠢᠵᠤ᠂ ᠣᠶᠢᠷ᠎ᠠ ᠶᠢᠨ ᠵᠢᠯ ᠳᠤ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠵᠡᠢ᠂ ᠳᠠᠷᠠᠭᠠᠴᠢ ᠶᠢᠨ ᠠᠯᠬᠤᠮ ᠳᠤ  ᠦᠷ᠎ᠡ ᠶᠢᠨ ᠪᠠᠲᠤᠯᠠᠭ᠎ᠠ᠂ ᠮᠡᠷᠭᠡᠵᠢᠯ ᠤᠨ ᠪᠠᠲᠤᠯᠠᠭ᠎ᠠ᠂ ᠵᠠᠬ᠎ᠠ ᠳᠡᠯᠭᠡᠭᠦᠷ ᠤᠨ ᠪᠠᠲᠤᠯᠠᠭ᠎ᠠ ᠪᠣᠯᠣᠨ ᠮᠥᠩᠭᠦᠨ ᠭᠦᠢᠯᠭᠡᠭᠡᠨ ᠤ ᠪᠠᠲᠤᠯᠠᠭ᠎ᠠ ᠶᠢᠨ ᠲᠠᠯ᠎ᠠ ᠪᠠᠷ ᠦᠷᠭᠦᠯᠵᠢᠯᠡᠨ ᠬᠦᠴᠦ ᠣᠷᠣᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠪᠤᠤᠴᠠᠩ ᠪᠠᠯᠭᠠᠰᠤᠨ ᠤ ᠪᠢᠶᠠᠨ ᠴᠢᠶᠠᠩ ᠲᠣᠰᠬᠤᠨ ᠳᠤ  ᠬᠦᠷᠴᠦ᠂  ᠤᠯᠤᠰ ᠲᠦᠷᠦ ᠶᠢᠨ ᠵᠥᠪᠯᠡᠯᠭᠡᠨ ᠤ ︽ᠭᠡᠰᠢᠭᠦᠳ ᠤᠨ ᠭᠡᠷ︾ ᠤᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠡᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号