ᠴᠧᠨ ᠶᠠᠨ ᠪᠦᠦ ᠦᠨᠳᠦᠰᠦᠨ ᠱᠠᠲᠤᠨ ᠳᠤ ᠭᠦᠨᠵᠡᠭᠡᠶᠢᠷᠡᠵᠦ ᠦᠶᠡᠷ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/6/15
  6 ᠰᠠᠷ᠎ᠠ ᠶᠢᠨ 14 ᠤ ᠡᠳᠦᠷ᠂  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠴᠧᠨ ᠶᠠᠨ ᠪᠦᠦ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠲᠡᠳ᠋ ᠬᠤᠰᠢᠭᠤ ᠳᠠᠷᠤᠭ᠎ᠠ ᠶᠢᠨ ᠶᠦᠩ ᠾᠧ ᠨᠠᠷ ᠦᠨᠳᠦᠰᠦᠨ ᠱᠠᠲᠤᠨ ᠳᠤ ᠬᠦᠨᠵᠡᠬᠡᠶᠢᠷᠡᠵᠦ ᠦᠶᠡᠷ ᠤᠰᠤᠳᠠᠯ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠤᠭᠤᠳᠴᠠᠢ᠃ ᠴᠧᠨ ᠶᠠᠨ ᠪᠦᠦ ᠵᠡᠷᠭᠡ ᠤᠳᠤᠷᠢᠳᠤᠯᠭ᠎ᠠ ᠤᠷᠢᠳ ᠬᠤᠵᠢᠳ  ᠶᠦᠩ ᠹᠧᠩ ᠤᠰᠤᠨ ᠴᠥᠭᠦᠷᠥᠮ᠂ ᠴᠢᠶᠠᠨ ᠶᠢᠨ ᠭᠧᠦ ᠪᠠᠯᠭᠠᠰᠤᠨ ᠤ ᠴᠢ ᠬᠤᠤ ᠲᠣᠰᠬᠤᠨ᠂  ᠱᠢ ᠬᠤᠤ᠂  ᠲᠸᠦ ᠬᠤᠤ ᠲᠣᠰᠬᠤᠨ᠂ ᠯᠥᠸᠧ ᠲᠦᠸᠧ ᠱᠠᠨ ᠪᠠᠯᠭᠠᠰᠤᠨ ᠤ ᠬᠤᠩ ᠰᠢᠩ ᠤᠰᠤᠨ ᠴᠥᠭᠦᠷᠥᠮ ᠳᠤ ᠬᠦᠷᠴᠦ᠂ ᠤᠰᠤᠨ ᠴᠥᠭᠦᠷᠥᠮ ᠤᠨ ᠤᠰᠤᠨ ᠤ ᠪᠠᠶᠢᠳᠠᠯ᠂ ᠤᠰᠤᠨ ᠲᠦᠪᠰᠢᠨ ᠪᠣᠯᠣᠨ ᠦᠶᠡᠷ ᠵᠠᠯᠠᠬᠤ ᠭᠤᠤ ᠰᠤᠪᠠᠭ ᠤᠨ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂  ᠦᠶᠡᠷ ᠤᠨ ᠬᠤᠭᠤᠴᠠᠭᠠᠨ ᠤ ᠵᠢᠵᠢᠭᠦᠷ ᠤᠨ ᠠᠵᠢᠯ᠂  ᠰᠡᠷᠭᠡᠶᠢᠯᠡᠯᠳᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠶᠢ ᠨᠠᠷᠢᠨ ᠣᠶᠢᠯᠠᠭᠠᠭᠰᠠᠨ ᠪᠥᠭᠡᠳ ᠰᠢᠷᠦᠭᠦᠨ ᠪᠣᠷᠣᠭᠠᠨ ᠳᠤ ᠲᠠᠭᠠᠷᠢᠭᠳᠠᠭᠰᠠᠨ ᠭᠡᠰᠡᠭ ᠭᠠᠵᠠᠷ ᠲᠤ ᠬᠦᠨᠵᠡᠬᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠪᠠᠶᠢᠴᠠᠭᠠᠬᠤ ᠶᠠᠪᠤᠴᠠ ᠳᠠᠭᠠᠨ ᠴᠧᠨ ᠶᠠᠨ ᠪᠦᠦ᠂  ᠤᠳᠤ ᠶᠠᠭ ᠦᠶᠡᠷ ᠰᠡᠷᠭᠡᠶᠢᠯᠡᠬᠦ ᠵᠠᠩᠭᠢᠯᠠᠭ᠎ᠠ ᠶᠢᠨ ᠴᠠᠭ ᠪᠤᠯᠬᠤᠷ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠦᠵᠡᠯ ᠰᠠᠨᠠᠭ᠎ᠠ ᠲᠠᠨᠢᠯᠲᠠ ᠪᠠᠨ ᠲᠡᠭᠡᠭᠰᠢᠯᠡᠬᠦᠯᠵᠦ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠷᠠᠭᠤᠯᠤᠨ᠂ ᠦᠶᠡᠷ ᠰᠡᠷᠭᠡᠶᠢᠯᠡᠬᠦ ᠠᠵᠢᠯ ᠤᠨ ᠬᠦᠨᠳᠦ ᠡᠭᠦᠷᠭᠡ ᠶᠢ  ᠦᠨᠡᠨᠬᠦ ᠡᠭᠦᠷᠭᠡᠯᠡᠬᠦ ᠬᠡᠷᠡᠭᠲᠡᠢ᠃  ᠪᠣᠷᠣᠭᠠᠨ ᠬᠤᠷ᠎ᠠ ᠴᠠᠭ ᠠᠭᠠᠷ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠲᠤᠨᠢ ᠡᠵᠡᠮᠰᠢᠵᠦ᠂  ᠵᠢᠵᠢᠬᠦᠷ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠠᠮᠰᠢᠭ ᠤᠨ ᠲᠠᠯᠳᠠ ᠭᠡᠮ ᠢ ᠡᠷᠳᠡ ᠢᠯᠡᠷᠡᠬᠦᠯᠦᠨ᠂  ᠡᠯ᠎ᠡ ᠲᠦᠷᠦᠯ ᠤᠨ ᠰᠡᠷᠭᠡᠶᠢᠯᠡᠯᠳᠡ ᠶᠢᠨ ᠠᠷᠭ᠎ᠠ ᠶᠢ ᠨᠢᠮᠪᠠᠢ ᠨᠠᠶᠢᠳᠠᠪᠤᠷᠢᠵᠢᠭᠤᠯᠵᠤ᠂ ᠠᠷᠠᠳ ᠤᠯᠠᠨ   ᠤ ᠠᠮᠢ ᠨᠠᠰᠤ  ᠡᠳ᠋ ᠬᠥᠷᠥᠩᠭᠡ ᠶᠢᠨ ᠠᠮᠤᠷ ᠲᠦᠪᠰᠢᠨ   ᠢ ᠡᠷᠡᠰ ᠬᠠᠮᠠᠭᠠᠯᠠᠨ᠂  ᠦᠶᠡᠷ   ᠤᠨ ᠬᠤᠭᠤᠴᠠᠭ᠎ᠠ ᠶᠢ ᠠᠶᠤᠯ ᠦᠬᠡᠢ ᠲᠤᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠨ ᠱᠠᠭᠠᠷᠳᠠᠭᠰᠠᠨ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号