ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠬᠠᠷᠠᠭᠠᠯᠵᠠᠯ ᠤᠨ ᠦᠨᠡᠮᠯᠡᠯ ᠤᠯᠭᠤᠪᠠ
ᠨᠡᠶᠢᠲᠡᠯᠡᠭᠰᠡᠨ ᠴᠠᠭ᠄
2022/6/16
    6 ᠰᠠᠷ᠎ᠠ ᠶᠢᠨ 15 ᠤ ᠡᠳᠦᠷ᠂  ᠲᠠᠶᠢᠹᠤᠰᠧ ᠬᠤᠰᠢᠭᠤ ᠴᠡᠷᠢᠭ  ᠤᠨ ᠠᠯᠪᠠ ᠠᠴᠠ ᠬᠠᠯᠠᠭᠳᠠᠭᠰᠠᠳ ᠲᠤ ᠬᠠᠷᠠᠭᠠᠯᠵᠠᠯ ᠤᠨ ᠦᠨᠡᠮᠯᠡᠯ ᠣᠯᠭᠤᠬᠤ ᠶᠣᠰᠣᠯᠠᠯ ᠢ ᠡᠷᠬᠢᠯᠡᠵᠡᠢ᠃ ᠵᠠᠰᠠᠭ ᠤᠨ ᠣᠷᠳᠣᠨ ᠤ ᠳᠡᠳ᠋  ᠬᠤᠰᠢᠭᠤ ᠳᠠᠷᠤᠭ᠎ᠠ ᠣᠶᠤᠨᠴᠡᠴᠡᠭ ᠶᠣᠰᠣᠯᠠᠯ ᠳᠤ ᠤᠷᠤᠯᠴᠠᠵᠤ᠂ ᠦᠨᠡᠮᠯᠡᠯ ᠭᠠᠷᠳᠠᠭᠰᠠᠳ ᠲᠤ ᠬᠠᠯᠠᠭᠤᠨ ᠪᠠᠶᠠᠷ ᠬᠦᠷᠭᠡᠬᠦ ᠶᠢᠨ ᠬᠠᠮᠲᠤ᠂ ᠲᠡᠳᠡᠨ ᠢ ᠴᠡᠷᠢᠭ ᠠᠩᠭᠢ ᠶᠢᠨ ᠬᠠᠶᠢᠷ᠎ᠠ ᠰᠡᠳᠬᠢᠯᠭᠡ ᠪᠠᠨ ᠮᠠᠷᠲᠠᠯ ᠦᠭᠡᠢ᠂ ᠰᠢᠯᠢᠳᠡᠭ ᠤᠯᠠᠮᠵᠢᠯᠠᠯ ᠢᠶᠠᠨ ᠪᠠᠷᠢᠮᠲᠠᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠯᠠᠪᠳᠠᠭᠤᠨ ᠪᠠᠲᠤᠲᠠᠢ ᠠᠵᠢᠯᠯᠠᠵᠤ᠂ ᠳᠠᠬᠢᠨᠲᠠ ᠰᠢᠯᠢᠳᠡᠭ ᠪᠦᠲᠦᠮᠵᠢ ᠭᠠᠷᠭᠠᠨ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ  ᠦᠵᠡᠬᠦᠯᠳᠦᠬᠡᠢ ᠬᠡᠵᠦ ᠵᠣᠷᠢᠭᠵᠢᠭᠤᠯᠪᠠ᠃    ︽ᠬᠦᠰᠡᠵᠦ ᠬᠦᠯᠢᠶᠡᠭᠰᠡᠨ ᠬᠠᠷᠠᠭᠠᠯᠵᠠᠯ ᠤᠨ ᠦᠨᠡᠮᠯᠡᠯ ᠢᠶᠠᠨ ᠭᠠᠷᠳᠠᠭᠠᠳ᠂ ᠨᠠᠮ ᠵᠠᠰᠠᠭ ᠠᠴᠠ ᠪᠢᠳᠡᠨ ᠢ ᠬᠦᠨᠳᠦᠳᠬᠡᠵᠦ ᠬᠠᠯᠠᠮᠵᠢᠯᠠᠵᠤ ᠪᠠᠶᠢᠭ᠎ᠠ ᠶᠢ ᠤᠶᠢᠯᠠᠭᠠᠯ᠎ᠠ᠂  ᠬᠤᠶᠢᠰᠢᠳᠠ ᠠᠵᠢᠯ ᠠᠮᠢᠳᠤᠷᠠᠯ ᠤᠨ ᠳᠤᠮᠳᠠ ᠪᠠᠨ ᠴᠡᠷᠢᠭ ᠬᠥᠮᠥᠨ ᠤ ᠣᠪᠣᠷ ᠢᠶᠠᠷ  ᠪᠡᠶ᠎ᠡ ᠪᠠᠨ ᠴᠢᠩᠭ᠎ᠠ ᠱᠠᠭᠠᠷᠳᠠᠵᠤ᠂  ᠦᠩᠭᠡ ᠭᠡᠷᠡᠯᠳᠦ ᠰᠢᠯᠢᠳᠡᠭ ᠤᠯᠠᠮᠵᠢᠯᠠᠯ   ᠢ ᠵᠠᠯᠭᠠᠮᠵᠢᠯᠠᠨ᠂ ᠨᠤᠲᠤᠭ ᠤᠰᠤᠨ ᠤ ᠪᠠᠨ ᠴᠤᠭᠴᠠᠯᠠᠯᠳᠠ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠦᠨ᠎ᠡ︾  ᠬᠡᠵᠦ ᠴᠡᠷᠢᠭ ᠤᠨ ᠠᠯᠪᠠ ᠠᠴᠠ ᠬᠠᠯᠠᠭᠳᠠᠭᠴᠢ ᠰᠦᠨ ᠬᠠᠢ ᠮᠢᠩ ᠰᠡᠳᠬᠢᠯ ᠲᠤᠭᠳᠤᠯᠤᠨ ᠶᠠᠷᠢᠨ᠎ᠠ᠃     ᠡᠨᠡ ᠡᠳᠦᠷ ᠤᠨ ᠶᠤᠰᠤᠯᠠᠯ ᠲᠡᠭᠡᠷ᠎ᠡ ᠤᠳᠠᠭ᠎ᠠ ᠲᠠᠶᠢᠹᠤᠰᠧ  ᠬᠤᠰᠢᠭᠤ ᠨᠢ ᠴᠡᠷᠢᠭ ᠤᠨ ᠠᠯᠪᠠ ᠠᠴᠠ ᠬᠠᠯᠠᠭᠳᠠᠭᠰᠠᠨ 10 ᠬᠦᠮᠦᠨ ᠳᠤ ᠬᠠᠷᠠᠭᠠᠯᠵᠠᠯ ᠤᠨ ᠦᠨᠡᠮᠯᠡᠯ ᠤᠯᠭᠤᠵᠠᠢ᠂ ᠡᠨᠡ ᠨᠢ ᠮᠥᠨ ᠴᠦ  ᠲᠤᠰ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠪᠤᠰᠤᠳ ᠬᠠᠷᠠᠭᠠᠯᠵᠠᠯ ᠬᠦᠷᠳᠡᠬᠦ ᠡᠲᠡᠭᠡᠳ ᠤᠨ ᠬᠠᠷᠠᠭᠠᠯᠵᠠᠯ ᠤᠨ ᠦᠨᠡᠮᠯᠡᠯ ᠭᠤᠶᠤᠴᠢᠯᠠᠨ ᠠᠪᠬᠤ ᠠᠵᠢᠯ ᠪᠥᠬᠦ ᠲᠠᠯ᠎ᠠ ᠪᠠᠷ ᠡᠬᠢᠯᠡᠭᠰᠡᠨ ᠢ ᠬᠠᠷᠠᠭᠤᠯᠵᠤ ᠪᠠᠶᠢᠭ᠎ᠠ ᠶᠤᠮ᠃     ᠲᠠᠶᠢᠹᠤᠰᠧ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠶᠠᠩ ᠯᠢ ᠮᠢᠩ  ᠄ ︽ᠣᠲᠣ ᠨᠢᠬᠡᠨᠳᠡ 13 ᠰᠤᠮᠤ ᠰᠢᠶᠠᠩ ᠪᠠᠯᠭᠠᠰᠤ ᠪᠤᠶᠤ ᠨᠡᠶᠢᠭᠡᠮ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠨᠢ ᠠᠵᠢᠯ ᠢᠶᠠᠨ ᠵᠢᠩᠬᠢᠨᠢ ᠪᠠᠷ ᠡᠬᠢᠯᠡᠭᠰᠡᠨ ᠪᠥᠭᠡᠳ ᠮᠡᠳᠡᠭᠡ ᠵᠠᠩᠭᠢ ᠶᠢ ᠰᠢᠩᠭᠡᠬᠡᠨ ᠣᠷᠣᠭᠤᠯᠵᠤ ᠪᠠᠶᠢᠨ᠎ᠠ᠂ ᠵᠢᠱᠢᠯᠲᠡ ᠪᠠᠷ ᠡᠨᠡ ᠰᠠᠷ᠎ᠠ ᠶᠢᠨ ᠰᠡᠭᠦᠯᠴᠢ ᠪᠠᠷ ᠰᠢᠩᠭᠡᠭᠡᠵᠦ ᠳᠠᠭᠤᠰᠬᠠᠨ᠎ᠠ᠃ ᠲᠠᠷᠠᠭᠠᠴᠢ ᠶᠢᠨ ᠠᠯᠬᠤᠮ ᠳᠤ ᠪᠢᠳᠡ ᠴᠡᠷᠢᠭ ᠤᠨ ᠠᠯᠪᠠ ᠠᠴᠠ ᠬᠠᠯᠠᠭᠳᠠᠭᠰᠠᠳ ᠤᠨ ︿ᠭᠡᠷ ᠲᠤᠨᠢ ᠬᠦᠷᠴᠦ ᠭᠦᠢᠴᠡᠳᠬᠡᠬᠦ﹀ ᠦᠢᠯᠡᠴᠢᠯᠡᠭᠡ ᠬᠢᠵᠦ᠂  ᠦᠢᠯᠡᠴᠢᠯᠡᠬᠡᠨ ᠤ ᠠᠵᠢᠯ ᠢ ᠨᠠᠶᠢᠳᠠᠪᠤᠷᠢᠵᠢᠭᠤᠯᠬᠤ ᠡᠷᠴᠢᠮ ᠢᠶᠠᠨ ᠤᠯᠠᠮ ᠴᠢᠩᠭᠠᠷᠠᠭᠤᠯᠤᠨ᠂ ᠴᠡᠷᠢᠭ  ᠤᠨ ᠠᠯᠪᠠ ᠠᠴᠠ ᠬᠠᠯᠠᠭᠳᠠᠭᠰᠠᠳ ᠨᠢᠭᠡᠪᠦᠷᠢ ᠳᠤ  ᠦᠨᠡᠨᠬᠦ ᠰᠡᠳᠬᠢᠯ ᠲᠠᠯᠪᠢᠵᠤ᠂ ᠦᠨᠡᠨ ᠰᠡᠳᠬᠢᠯ ᠠᠴᠠ ᠪᠠᠨ ᠦᠢᠯᠡᠴᠢᠯᠡᠨ᠎ᠡ︾᠃     ᠬᠠᠷᠠᠭᠠᠯᠵᠠᠯ ᠤᠨ ᠦᠨᠡᠮᠯᠡᠯ ᠣᠯᠭᠤᠬᠤ ᠨᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠ   ᠠᠴᠠ ᠬᠠᠯᠠᠭᠳᠠᠭᠰᠠᠳ ᠤᠨ ᠪᠠᠳᠤᠯᠠᠭᠠᠨ ᠤ ᠬᠠᠤᠯᠢ︾ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠪᠤᠳᠤᠯᠭ᠎ᠠ ᠶᠢᠨ ᠨᠢᠬᠡ᠂ ᠴᠡᠷᠢᠭ ᠬᠥᠮᠥᠨ ᠤ ᠲᠤᠬᠠᠶᠢᠯᠠᠭᠰᠠᠨ ᠠᠵᠢᠯ   ᠢ ᠬᠦᠨᠳᠦᠳᠬᠡᠬᠦ᠂ ᠴᠡᠷᠢᠭ ᠤᠨ  ᠠᠯᠪᠠ ᠠᠴᠠ ᠬᠠᠯᠠᠭᠳᠠᠭᠰᠠᠳ  ᠢ ᠬᠦᠨᠳᠦᠳᠬᠡᠬᠦ ᠪᠣᠳᠠᠲᠠᠢ ᠠᠷᠭ᠎ᠠ ᠪᠠᠷᠢᠯ ᠪᠤᠯᠤᠨ᠎ᠠ᠃  ᠲᠠᠶᠢᠹᠤᠰᠧ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ  ᠡᠷᠬᠢᠯᠡᠬᠦ ᠲᠣᠪᠴᠢᠶ᠎ᠠ ᠨᠢ ᠡᠨᠡ ᠤᠳᠠᠭᠠᠨ ᠤ ᠬᠠᠷᠠᠭᠠᠯᠵᠠᠯ ᠤᠨ ᠦᠨᠡᠮᠯᠡᠯ ᠣᠯᠭᠤᠬᠤ ᠠᠵᠢᠯ ᠢᠶᠠᠷ ᠠᠵᠠ ᠲᠣᠬᠢᠶᠠᠯ ᠪᠤᠯᠭᠠᠨ᠂ ᠬᠠᠷᠠᠭᠠᠯᠵᠠᠯ ᠤᠨ ᠦᠨᠡᠮᠯᠡᠯ ᠡᠷᠡᠮᠡᠯᠵᠡᠯᠡᠨ ᠤᠯᠭᠤᠬᠤ ᠠᠵᠢᠯ ᠢ ᠦᠷᠭᠦᠯᠵᠢᠯᠡᠨ ᠠᠬᠢᠭᠤᠯᠵᠤ᠂ ᠴᠡᠷᠢᠭ  ᠢ ᠬᠦᠷᠢᠶᠡᠯᠡᠨ ᠴᠡᠷᠢᠭ ᠢ  ᠬᠦᠨᠳᠦᠳᠬᠡᠬᠦ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠤᠢ  ᠪᠤᠯᠭᠠᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠢᠷᠠᠭᠤ ᠠᠯᠳᠠᠷ ᠤᠨ ᠲᠥᠷᠥᠭᠳᠡᠯ᠂  ᠤᠯᠤᠯᠳᠠ ᠬᠦᠷᠲᠡᠮᠵᠢ ᠶᠢᠨ ᠲᠥᠷᠥᠭᠳᠡᠯ ᠪᠣᠯᠣᠨ ᠤᠮᠤᠭ ᠪᠠᠭ᠋ᠠᠳᠤᠯ ᠤᠨ ᠲᠥᠷᠥᠭᠳᠡᠯ ᠢ ᠦᠨᠡᠨᠬᠦ  ᠨᠡᠮᠡᠭᠳᠡᠬᠦᠯᠬᠦ ᠪᠠᠷ ᠪᠤᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号