ᠴᠢᠶᠠᠨ ᠶᠢᠨ ᠭᠧᠦ  ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ  ᠬᠠᠮᠳᠤ ᠶᠢᠨ ᠰᠤᠷᠤᠯᠴᠠᠯᠭ᠎ᠠ ᠡᠷᠬᠢᠯᠡᠪᠡ
ᠨᠡᠶᠢᠲᠡᠯᠡᠭᠰᠡᠨ ᠴᠠᠭ᠄
2022/6/16
 6 ᠰᠠᠷ᠎ᠠ ᠶᠢᠨ 15 ᠤ ᠡᠳᠦᠷ᠂ ᠴᠢᠶᠠᠨ ᠶᠢᠨ ᠭᠧᠦ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠨᠢ 2022 ᠣᠨ ᠤ 8 ᠳ᠋ᠤᠭᠠᠷ ᠤᠳᠠᠭᠠᠨ ᠤ ᠲᠥᠪᠯᠡᠷᠡᠨ ᠰᠤᠷᠤᠯᠴᠠᠬᠤ ᠬᠤᠷᠠᠯ  ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃ ᠬᠤᠷᠠᠯ  ᠲᠡᠭᠡᠷ᠎ᠡ᠂ ︽ᠥᠪᠥᠷ ᠮᠣᠩᠭᠤᠯ ᠤᠨ ᠲᠡᠦᠬᠡ︾᠂ ︽ᠥᠪᠥᠷ ᠮᠣᠩᠭᠤᠯ ᠤᠨ ᠤᠳᠤᠷᠢᠳᠬᠤ ᠺᠠᠳ᠋ᠷ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠭᠤᠷᠪᠠᠨ ᠤᠳᠠᠭᠠᠨ  ᠤ ᠨᠡᠶᠢᠲᠡᠯᠢᠭ ᠬᠡᠷᠡᠭ ᠤᠨ ᠵᠠᠳᠠᠯᠤᠯᠲᠠ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ  ᠤᠯᠭᠤᠬᠤ ᠳᠦᠷᠢᠮ︾᠂ ︽ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ ᠶᠢᠨ ᠵᠠᠭᠤᠨ ᠵᠢᠯ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠬᠠᠭᠤᠯᠭ᠎ᠠ ᠶᠢᠨ ᠠᠵᠢᠯ ᠤᠨ ᠲᠣᠪᠴᠢ ᠲᠡᠦᠬᠡ︾ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ ᠶᠢᠨ ᠴᠢᠬᠤᠯᠠ ᠴᠢᠨᠠᠷ ᠪᠠ ᠵᠠᠶᠢᠯᠠᠰᠢ ᠦᠬᠡᠢ ᠴᠢᠨᠠᠷ ᠢ ᠭᠦᠨᠵᠡᠭᠡᠢ ᠲᠠᠨᠢᠵᠤ᠂  ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠬᠢᠭᠡᠳ  ᠦᠢᠯᠡ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ  ᠰᠠᠬᠢᠨ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠨᠡᠶᠢᠲᠡᠯᠢᠭ ᠬᠡᠷᠡᠭ ᠤᠨ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ᠂  ᠲᠡᠬᠦᠪᠡᠷ ᠴᠡᠭᠡᠷᠯᠡᠯ ᠪᠤᠯᠭᠠᠨ᠂ ᠵᠥᠪ ᠣᠨᠣᠪᠴᠢᠲᠠᠶ ᠡᠷᠬᠡ  ᠲᠤᠰᠢᠶᠠᠯ ᠤᠨ ᠦᠵᠡᠯᠲᠡ᠂ ᠬᠢᠷᠢ  ᠪᠦᠲᠦᠮᠵᠢ ᠶᠢᠨ ᠦᠵᠡᠯᠲᠡ ᠶᠢ ᠪᠤᠢ ᠪᠣᠯᠭᠠᠵᠤ᠂  ᠬᠠᠷᠢᠴᠠᠭᠠᠨ ᠤ ᠴᠠᠭᠠᠷᠢᠭ ᠢᠶᠠᠨ ᠴᠠᠭ ᠢᠮᠠᠭᠲᠠ ᠴᠡᠪᠡᠷ ᠠᠷᠢᠭᠤᠨ ᠪᠠᠶᠢᠯᠭᠠᠬᠤ ᠬᠡᠷᠡᠭᠲᠡᠢ᠃ 11 ᠲᠠᠯ᠎ᠠ ᠶᠢᠨ ᠠᠰᠠᠭᠤᠳᠠᠯ ᠤᠨ ᠨᠠᠷᠢᠨ ᠲᠠᠩᠰᠠ ᠲᠠᠢ ᠨᠢᠮᠪᠠᠢ ᠬᠠᠷᠢᠴᠠᠭᠤᠯᠵᠤ᠂ ᠬᠢᠳᠤᠭᠠᠨ ᠢᠷ ᠢ ᠳᠣᠲᠣᠭᠰᠢ ᠪᠠᠨ ᠬᠠᠨᠳᠤᠭᠤᠯᠬᠤ ᠰᠥᠰᠥ ᠵᠣᠷᠢᠭ ᠢᠶᠠᠷ ᠲᠤᠰ ᠪᠡᠶ᠎ᠡ ᠶᠢᠨ ᠴᠡᠭᠴᠡᠯᠡᠯᠲᠠ ᠶᠢ ᠰᠠᠶᠢᠲᠤᠷ ᠠᠳᠬᠤᠨ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠤᠯᠤᠰ ᠲᠥᠷᠥᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠲᠠᠶᠢᠴᠢᠨ ᠴᠢᠨᠠᠷ ᠢ ᠲᠠᠰᠤᠷᠠᠯᠲᠠ ᠦᠭᠡᠢ  ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠣᠭᠤᠷᠢᠨ ᠢ ᠡᠬᠦᠳᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠠᠴᠠ ᠪᠠᠰᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠶᠡᠷ ᠢ ᠰᠡᠷᠭᠡᠶᠢᠯᠡᠨ ᠭᠠᠮᠰᠢᠭ ᠲᠠᠢ ᠲᠡᠮᠡᠴᠡᠬᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ  ᠂ ᠠᠶᠤᠯᠭᠦᠢ ᠦᠢᠯᠡᠳᠪᠦᠷᠢᠯᠡᠯ᠂ ᠭᠤᠣᠯᠳᠠᠯᠭ᠎ᠠ ᠲᠠᠢ ᠲᠦᠷᠦᠯ ᠵᠦᠢᠯ ᠤᠨ ᠪᠠᠶᠢᠭᠤᠯᠤᠯᠲᠠ ᠵᠡᠷᠭᠡ ᠠᠵᠢᠯ ᠳᠤ ᠲᠤᠬᠢᠷᠠᠭᠤᠯᠤᠯᠳᠠ ᠪᠠ ᠪᠠᠶᠢᠷᠢᠯᠠᠭᠤᠯᠤᠯᠳᠠ ᠬᠢᠵᠡᠢ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号