ᠪᠤᠤᠴᠠᠩ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2022/6/16
   6 ᠰᠠᠷ᠎ᠠ ᠶᠢᠨ 15 ᠤ ᠡᠳᠦᠷ ᠂  ᠪᠤᠤᠴᠠᠩ ᠪᠠᠯᠭᠠᠰᠤᠨ ᠤ ᠬᠢᠨ ᠰᠢᠨ᠎ᠡ ᠳᠢᠲᠢᠮᠯᠢᠭ ᠠᠭᠤᠰᠬᠢᠨ ᠦᠷᠪᠢᠰᠦᠯ  ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂  ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ ᠠᠵᠢᠯᠳᠠᠨ ᠢ ᠤᠷᠢᠵᠤ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠬᠠᠮᠢᠶ᠎ᠠ ᠪᠦᠬᠦᠢ ᠠᠵᠢᠯᠳᠠᠳ ᠲᠤ ᠬᠢᠴᠢᠶᠡᠯ ᠲᠠᠶᠢᠯᠤᠮᠵᠢ ᠬᠢᠯᠬᠡᠵᠡᠢ᠃  ᠠᠵᠢᠯᠳᠠᠨ ᠠᠴᠠ᠂ ᠠᠷᠢᠭᠤᠳᠬᠠᠯ ᠤᠨ ᠦᠨᠳᠦᠰᠦᠨ ᠤᠬᠠᠭᠳᠠᠬᠤᠨ᠂  ᠪᠠᠭᠠᠵᠢ ᠬᠡᠷᠡᠭᠰᠡᠯ᠂ ᠠᠷᠢᠭᠤᠳᠬᠠᠬᠤ ᠰᠢᠩᠭᠡᠨ ᠤ ᠬᠠᠷᠢᠴᠠᠯ ᠵᠢᠴᠢ ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠠᠶᠢᠯᠪᠤᠷᠢᠯᠠᠭᠰᠠᠨ ᠤ ᠬᠠᠮᠳᠤ᠂  ᠶᠡᠷᠦ ᠶᠢᠨ ᠮᠡᠳᠡᠯᠭᠡ ᠶᠢᠨ ᠴᠢᠨᠠᠷᠳᠠᠢ ᠮᠠᠲ᠋ᠧᠷᠢᠶᠠᠯ ᠢ ᠲᠠᠷᠬᠠᠭᠠᠵᠤ᠂  ᠠᠩᠬᠠᠷᠬᠤ  ᠵᠦᠢᠯᠡᠰ ᠢ ᠵᠠᠬᠢᠨ ᠰᠠᠨᠠᠭᠤᠯᠤᠭᠰᠠᠨ ᠪᠠᠶᠢᠨ᠎ᠠ᠃ ᠠᠵᠢᠯᠳᠠᠨ ᠠᠴᠠ ᠪᠠᠰᠠ ᠬᠠᠮᠠᠭᠠᠯᠠᠯᠲᠠ ᠶᠢᠨ ᠬᠤᠪᠴᠠᠰᠤ  ᠶᠢ ᠡᠮᠦᠰᠴᠦ ᠲᠠᠶᠢᠯᠬᠤ᠂  ᠡᠮᠨᠡᠯᠬᠡ ᠶᠢᠨ ᠬᠤᠭ ᠨᠣᠪᠰᠢ ᠶᠢ ᠰᠢᠢᠳᠪᠦᠷᠢᠯᠡᠬᠦ ᠪᠠ ᠠᠷᠢᠭᠤᠳᠬᠠᠬᠤ ᠲᠤᠬᠠᠢ ᠦᠵᠡᠬᠦᠯᠬᠡ ᠶᠢᠨ ᠬᠡᠯᠪᠡᠷᠢᠳᠦ  ᠵᠢᠯᠣᠭᠤᠳᠤᠯᠭ᠎ᠠ ᠬᠢᠵᠦ᠂ ᠣᠯᠠᠨ ᠤ ᠮᠠᠳᠠᠭ ᠲᠠᠢ ᠠᠰᠠᠭᠤᠳᠠᠯ  ᠳᠤ ᠨᠠᠷᠢᠨ ᠲᠣᠳᠣᠷᠬᠠᠢ ᠬᠠᠷᠢᠭᠤᠯᠲᠠ  ᠦᠭᠬᠦᠭᠰᠡᠨ ᠪᠦᠬᠡᠳ  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠤ ᠪᠠᠶᠢᠯᠳᠤᠭᠠᠨ ᠤ ᠭᠠᠷ ᠠᠪᠤᠯᠭ᠎ᠠ︾ ︵2.0 ᠬᠡᠪᠯᠡᠯ︶   ᠢ  ᠲᠠᠷᠬᠠᠭᠠᠪᠠ᠃  ᠬᠤᠷᠠᠯ ᠠᠴᠠ᠂  ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠬᠢᠨ  ᠭᠠᠷ  ᠠᠪᠤᠯᠭ᠎ᠠ ᠶᠢᠨ ᠠᠭᠤᠯᠭ᠎ᠠ ᠶᠢ ᠴᠢᠩᠭ᠎ᠠ ᠵᠢᠷᠤᠮᠯᠠᠨ ᠬᠠᠮᠢᠶ᠎ᠠ ᠪᠦᠬᠦᠢ ᠠᠵᠢᠯ   ᠢ ᠨᠠᠶᠢᠳᠠᠪᠤᠷᠢᠵᠢᠭᠤᠯᠵᠤ᠂ ᠪᠣᠳᠠᠲᠤ ᠪᠠᠶᠢᠯᠳᠤᠭᠠᠨ ᠤ ᠱᠠᠭᠠᠷᠳᠠᠯᠭ᠎ᠠ   ᠶᠢ ᠦᠨᠳᠦᠰᠦᠯᠡᠨ᠂  ᠲᠤᠳᠠᠭᠳᠠᠯ ᠲᠠᠢ ᠭᠠᠵᠠᠷ ᠢᠶᠠᠨ ᠴᠠᠭ ᠲᠤᠬᠠᠢ ᠳᠤᠨᠢ ᠪᠠᠶᠢᠴᠠᠭᠠᠨ ᠨᠥᠬᠦᠪᠦᠷᠢᠯᠡᠵᠦ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠦᠨ  ᠂  ᠭᠡᠨᠡᠳᠲᠡ   ᠶᠢᠨ ᠪᠠᠶᠢᠳᠠᠯ   ᠢ ᠲᠦᠷᠭᠡᠨ ᠮᠦᠷᠳᠡᠭᠡᠨ ᠤᠨᠤᠪᠴᠢᠳᠠᠢ ᠰᠢᠢᠳᠪᠦᠷᠢᠯᠡᠵᠦ᠂  ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ  ᠬᠢᠷᠢ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠬᠡᠵᠦ ᠱᠠᠭᠠᠷᠳᠠᠵᠠᠢ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号