ᠵᠣᠣ ᠹᠧᠢ ᠫᠧᠩ ᠪᠤᠤᠴᠠᠩ ᠪᠠᠯᠭᠠᠰᠤᠨ ᠳᠤ ᠬᠦᠨᠵᠡᠬᠡᠶᠢᠷᠡᠵᠦ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/6/17
    6 ᠰᠠᠷ᠎ᠠ ᠶᠢᠨ 15 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠪᠤᠤᠴᠠᠩ ᠪᠠᠯᠭᠠᠰᠤᠨ ᠤ ᠴᠧᠩ ᠪᠧᠢ ᠲᠣᠰᠬᠤᠨ᠂ ᠬᠤᠩ ᠳ᠋ᠠ ᠲᠣᠰᠬᠤᠨ᠂ ᠰᠢ ᠫᠦᠸᠧ ᠲᠣᠰᠬᠤᠨ᠂ ᠼᠠᠢ ᠶᠤᠸᠠᠨ ᠲᠣᠰᠬᠤᠨ ᠳᠤ ᠭᠦᠨᠵᠡᠭᠡᠶᠢᠷᠡᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ᠂ ᠶᠠᠳᠠᠭᠤ   ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠯᠤᠭ᠎ᠠ ᠪᠦᠲᠦᠮᠵᠢᠲᠡᠶ ᠵᠣᠯᠭᠠᠭᠤᠯᠬᠤ ︽ᠡᠷᠬᠢᠨ ᠬᠠᠷᠠᠬᠤ︾ ᠠᠵᠢᠯᠯᠠᠭ᠎ᠠ᠂  ᠵᠣᠷᠯᠣᠩ   ᠤᠨ ᠦᠬᠡᠷᠡᠴᠢᠯᠡᠯᠳᠡ᠂ ᠣᠷᠣᠰᠢᠨ ᠰᠠᠭᠤᠷᠢᠰᠢᠬᠤ ᠣᠷᠴᠢᠨ ᠲᠤᠭᠤᠷᠢᠨ   ᠤ ᠵᠠᠰᠠᠯᠳᠠ᠂ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠪᠠ ᠵᠢᠭᠠᠨ ᠵᠢᠯᠤᠭᠤᠳᠤᠯᠭ᠎ᠠ ᠬᠢᠪᠡ᠃ ᠬᠤᠰᠢᠭᠤᠨ ᠤ ᠤᠳᠤᠷᠢᠳᠤᠯᠭ᠎ᠠ ᠸᠠᠩ ᠸᠧᠢ ᠬᠤᠩ᠂ ᠯᠢ ᠴᠦᠨ ᠭᠤᠸᠠᠩ᠂ ᠵᠣᠣ ᠬᠠᠢ ᠯᠢ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃ ᠵᠣᠣ ᠹᠧᠢ ᠫᠧᠩ  ᠪᠠᠶᠢᠴᠠᠭᠠᠨ ᠵᠢᠯᠤᠭᠤᠳᠬᠤ ᠶᠠᠪᠤᠴᠠ ᠳᠠᠭᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠤᠷᠲᠠᠯ ᠤᠨ ᠪᠠᠶᠢᠭᠤᠯᠤᠯᠲᠠ ᠪᠣᠯᠣᠨ ᠴᠢᠳᠠᠪᠤᠷᠢ ᠶᠢᠨ ᠳᠡᠭᠡᠭᠰᠢᠯᠡᠯᠲᠡ ᠶᠢ ᠴᠥᠬᠦᠷᠡᠰᠢ ᠦᠭᠡᠢ ᠰᠠᠶᠢᠨ ᠠᠳᠬᠤᠵᠤ᠂ ︽ᠡᠷᠬᠢᠨ ᠬᠠᠷᠠᠬᠤ︾ ᠪᠣᠳᠠᠲᠠᠢ ᠠᠵᠢᠯ ᠤᠨ ᠱᠠᠭᠠᠷᠳᠠᠯᠭ᠎ᠠ ᠲᠠᠢ  ᠨᠠᠷᠢᠨ ᠨᠢᠮᠪᠠᠢ ᠬᠠᠷᠢᠴᠠᠭᠤᠯᠤᠨ᠂ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂  ᠵᠦᠷᠢᠶ᠎ᠡ ᠳᠤᠲᠠᠭᠤᠳᠠᠯ ᠢᠶᠠᠨ ᠨᠦᠬᠦᠪᠦᠷᠢᠯᠡᠨ᠂ ᠡᠯ᠎ᠡ  ᠲᠦᠷᠦᠯ ᠤᠨ ᠠᠵᠢᠯ ᠢ ᠪᠣᠳᠠᠲᠠᠢ  ᠮᠦᠷᠳᠡᠭᠡᠨ ᠨᠠᠷᠢᠯᠢᠭ ᠠᠳᠬᠤᠵᠤ  ᠂ ᠥᠷᠭᠡᠨ ᠤᠯᠠᠨ ᠦᠨᠳᠦᠰᠦᠨ ᠱᠠᠲᠤᠨ ᠤ ᠺᠠᠳ᠋ᠷ ᠢ ᠵᠣᠷᠢᠭᠵᠢᠭᠤᠯᠤᠨ ᠬᠠᠲᠠᠭᠤ ᠴᠢᠩᠭ᠎ᠠ ᠣᠪᠣᠷ ᠰᠤᠷᠲᠠᠯ ᠡᠷᠳᠡᠮ ᠴᠢᠳᠠᠪᠤᠷᠢ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠨᠡᠬᠦ ᠬᠠᠲᠠᠭᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠲᠣᠰᠬᠤᠨ ᠤ ᠠᠷᠠᠳ ᠢ ᠵᠣᠷᠢᠭᠵᠢᠭᠤᠯᠤᠨ ᠵᠢᠯᠤᠭᠤᠳᠴᠤ ᠪᠠᠶᠢᠭᠠᠳ ᠲᠣᠰᠬᠤᠨ ᠤ ᠦᠩᠭᠡ ᠲᠦᠷᠬᠦ ᠢ ᠰᠠᠶᠢᠵᠢᠷᠠᠭᠤᠯᠬᠤ ᠪᠠ ᠬᠠᠮᠠᠭᠠᠯᠠᠬᠤ ᠳᠤ  ᠤᠷᠤᠯᠴᠠᠭᠤᠯᠤᠨ᠂ ᠪᠠᠷᠢᠮᠵᠢᠶ᠎ᠠ ᠶᠢ ᠲᠤᠭᠳᠠᠭᠠᠵᠤ᠂ ᠲᠦᠰᠦᠪ ᠢ ᠨᠠᠷᠢᠯᠢᠬᠵᠢᠭᠤᠯᠤᠨ᠂ ᠣᠷᠴᠢᠨ ᠲᠣᠭᠤᠷᠢᠨ ᠤ ᠵᠠᠰᠠᠯᠳᠠ ᠶᠢᠨ ᠨᠠᠷᠢᠯᠢᠬᠵᠢᠵᠤ  ᠪᠠᠶᠢᠩᠭᠤᠵᠢᠬᠤ ᠶᠢ ᠠᠬᠢᠭᠤᠯᠬᠤ ᠬᠡᠷᠡᠭᠲᠡᠢ᠃   ᠵᠣᠷᠯᠣᠩ  ᠤᠨ ᠦᠬᠡᠷᠡᠴᠢᠯᠡᠯᠳᠡ  ᠶᠢᠨ ᠠᠵᠢᠯ ᠢ ᠴᠢᠨᠠᠷ ᠰᠠᠶᠢᠲᠠᠢ ᠠᠬᠢᠭᠤᠯᠵᠤ᠂ ᠨᠢᠭᠡ ᠶᠢ ᠦᠬᠡᠷᠡᠴᠢᠯᠡᠪᠡᠯ ᠨᠢᠬᠡ ᠶᠢ ᠭᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠪᠠᠭᠤᠷᠠᠢ ᠭᠤᠭᠴᠤᠭ᠎ᠠ ᠶᠢ  ᠨᠢᠬᠳᠠ ᠠᠩᠬᠠᠷᠤᠨ᠂  ᠡᠯ᠎ᠡ ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠢ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠳᠤ ᠡᠷᠡᠰ ᠪᠠᠲᠤᠯᠠᠭ᠎ᠠ ᠬᠠᠩᠭᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠲᠤᠪᠴᠢᠶᠠᠨ ᠤ ᠭᠤᠣᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号