ᠲᠠᠶᠢᠹᠤᠰᠧ ᠬᠤᠰᠢᠭᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/17
 6 ᠳ᠋ᠤᠭᠠᠷ ᠰᠠᠷ᠎ᠠ ᠪᠣᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ ᠪᠣᠯᠣᠨ᠎ᠠ᠃ ︽ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠳᠦᠷᠢᠮ︾ ᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠲᠤᠰ ᠬᠤᠰᠢᠭᠤᠨ ᠤ ᠪᠠᠨ ᠣᠯᠠᠨ ᠲᠦᠮᠡᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠮᠰᠠᠷ ᠪᠠ ᠢᠯᠭᠠᠨ ᠲᠠᠨᠢᠬᠤ ᠴᠢᠳᠠᠪᠤᠷᠢ ᠶᠢ ᠲᠡᠭᠡᠭᠰᠢᠯᠡᠬᠦᠯᠬᠦ  ᠶᠢᠨ ᠲᠦᠯᠦᠭᠡ᠂ 6 ᠰᠠᠷ᠎ᠠ ᠶᠢᠨ 15 ᠤ ᠡᠳᠦᠷ  ᠲᠠᠶᠢᠹᠤᠰᠧ ᠬᠤᠰᠢᠭᠤᠨ ᠤ ᠮᠥᠩᠭᠦᠨ ᠭᠦᠢᠯᠭᠡᠭᠡᠨ ᠤ ᠠᠯᠪᠠᠨ ᠭᠡᠷ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠠᠯᠪᠠᠨ ᠭᠡᠷ ᠨᠢ ᠠᠷᠠᠳ ᠤᠨ ᠪᠠᠩᠬᠢ ᠶᠢᠨ ᠲᠠᠶᠢᠹᠤᠰᠧ ᠬᠤᠰᠢᠭᠤᠨ  ᠳᠠᠬᠢ ᠰᠠᠯᠪᠤᠷᠢ ᠪᠠᠩᠬᠢ   ᠲᠠᠢ ᠬᠤᠯᠪᠤᠭᠠᠯᠠᠨ᠂  ᠬᠤᠯᠪᠣᠭᠳᠠᠯ ᠪᠦᠬᠦᠢ ᠰᠠᠯᠠᠭ᠎ᠠ ᠮᠥᠴᠢᠷ᠂  ᠪᠠᠩᠬᠢ᠂ ᠳᠠᠭᠠᠳᠬᠠᠯ ᠤᠨ ᠪᠠᠶᠢᠭᠤᠯᠤᠮᠵᠢ ᠵᠡᠷᠭᠡ 20 ᠭᠠᠷᠤᠢ ᠨᠢᠭᠡᠴᠡ ᠶᠢ ᠵᠤᠬᠢᠶᠠᠨ ᠪᠠᠶᠢᠭᠤᠯᠵᠤ᠂ ︽ᠵᠣᠭᠤᠰᠤᠨ ᠴᠦᠩᠬᠦ ᠪᠠᠨ ᠬᠠᠮᠠᠭᠠᠯᠠᠵᠤ ·  ᠵᠢᠷᠭᠠᠯᠲᠤ  ᠠᠮᠢᠳᠤᠷᠠᠯ ᠢᠶᠠᠨ ᠴᠤᠭᠴᠠᠯᠠᠬᠤ︾ ᠪᠠᠷ ᠭᠤᠣᠯ ᠰᠡᠳᠦᠪ ᠪᠣᠯᠭᠠᠭᠰᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠤᠬᠠᠭᠤᠯᠭ᠎ᠠ ᠨᠢ ᠰᠦᠯᠵᠢᠶᠡᠨ ᠲᠡᠭᠡᠷ᠎ᠡ ᠪᠠ ᠰᠦᠯᠵᠢᠶᠡᠨ  ᠭᠠᠳᠠᠨᠠᠬᠢ ᠬᠡᠯᠪᠡᠷᠢ ᠪᠠᠷ ᠶᠠᠪᠤᠭᠳᠠᠵᠤ᠂  ︽ᠬᠠᠤᠯᠢ ᠪᠤᠰᠤ ᠠᠵᠢᠯᠯᠠᠭ᠎ᠠ ᠶᠢ ᠰᠡᠷᠭᠡᠶᠢᠯᠡᠨ ᠰᠢᠢᠳᠪᠦᠷᠢᠯᠡᠬᠦ ᠳᠦᠷᠢᠮ ᠢ ᠤᠩᠰᠢᠨ ᠤᠶᠢᠯᠠᠭᠠᠬᠤᠢ︾ ︽ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠬᠡᠷᠡᠭ ᠤᠨ ᠵᠢᠱᠢᠶ᠎ᠡ︾ ︽ᠬᠠᠤᠯᠢ ᠪᠤᠰᠤ ᠠᠵᠢᠯᠯᠠᠭ᠎ᠠ ᠠᠴᠠ ᠬᠤᠯᠠᠳᠠᠵᠤ ᠥᠲᠡᠯᠦᠭᠡ ᠨᠠᠰᠤ ᠪᠠᠨ ᠵᠢᠷᠭᠠᠯ ᠲᠠᠢ ᠦᠩᠭᠡᠷᠡᠭᠡᠶ᠎ᠡ︾ ︽ᠵᠣᠭᠤᠰᠤᠨ  ᠴᠦᠩᠬᠦ ᠪᠠᠨ ᠬᠠᠮᠠᠭᠠᠯᠠᠵᠤ ·  ᠵᠢᠷᠭᠠᠯᠲᠤ  ᠠᠮᠢᠳᠤᠷᠠᠯ ᠢᠶᠠᠨ ᠴᠤᠭᠴᠠᠯᠠᠶ᠎ᠠ︾  ᠬᠡᠬᠦ ᠮᠡᠳᠦ ᠤᠬᠠᠭᠤᠯᠭ᠎ᠠ ᠶᠢᠨ ᠠᠭᠤᠯᠭ᠎ᠠ ᠶᠢ ᠪᠠᠭᠳᠠᠭᠠᠵᠠᠢ᠃ ᠠᠵᠢᠯᠲᠠᠳ ︽ᠳᠣᠯᠤᠭ᠎ᠠ  ᠳᠤ ᠣᠷᠣᠭᠤᠯᠬᠤ︾ ᠠᠷᠭ᠎ᠠ ᠮᠠᠶ᠋ᠢᠭ ᠢᠶᠠᠷ ᠪᠠᠶᠢᠭᠤᠯᠭ᠎ᠠ ᠨᠢᠬᠡᠴᠡ᠂ ᠠᠵᠤ ᠠᠬᠤᠶᠢᠯᠠᠯ᠂ ᠰᠤᠷᠭᠠᠭᠤᠯᠢ᠂ ᠭᠡᠷ ᠪᠦᠯᠢ᠂ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ᠂  ᠲᠡᠯᠬᠡᠬᠦᠷ ᠬᠤᠳᠠᠯᠳᠤᠭ᠎ᠠ ᠵᠡᠷᠭᠡ ᠳᠤ ᠭᠦᠨᠵᠡᠭᠡᠶᠢᠷᠡᠨ᠂ ᠨᠡᠶᠢᠲᠡ 20 ᠭᠠᠷᠤᠢ ᠬᠥᠨᠳᠡᠯᠡᠨ ᠪᠢᠴᠢᠭᠡᠰᠦ ᠡᠯᠭᠦᠵᠦ᠂ 2000 ᠭᠠᠷᠤᠢ ᠬᠤᠪᠢ ᠤᠬᠠᠭᠤᠯᠭ᠎ᠠ   ᠶᠢᠨ ᠮᠠᠲ᠋ᠧᠷᠢᠶᠠᠯ ᠲᠠᠷᠬᠠᠭᠠᠨ᠂ 100 ᠭᠠᠷᠤᠢ ᠬᠤᠪᠢ ᠵᠠᠷᠯᠠᠯ  ᠨᠠᠭᠠᠭᠰᠠᠨ ᠪᠦᠭᠡᠳ  ᠡᠯ᠎ᠡ ᠰᠤᠮᠤ ᠰᠢᠶᠠᠩ ᠪᠠᠯᠭᠠᠰᠤ᠂ ᠨᠡᠶᠢᠭᠡᠮ ᠲᠣᠭᠤᠷᠢᠭ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠨᠢ ᠸᠢᠴᠠᠲ  ᠂ ᠪᠢᠴᠢᠯ ᠪᠯᠤᠭ᠂  ᠲᠢᠭ᠋ ᠲᠤᠭ ᠲᠠᠪᠴᠠᠩ  ᠪᠠ LED ᠳᠡᠯᠭᠡᠴᠡ ᠶᠢ ᠠᠰᠢᠭᠯᠠᠨ  ᠲᠦᠮᠡ ᠰᠢᠬᠠᠮ ᠤᠳᠠᠭ᠎ᠠ ᠤᠬᠠᠭᠤᠯᠭ᠎ᠠ   ᠶᠢᠨ ᠤᠷᠢᠶ᠎ᠠ  ᠲᠠᠯᠪᠢᠵᠤ᠂ ᠰᠦᠯᠵᠢᠶᠡᠨ ᠳᠡᠭᠡᠷᠡᠬᠢ ᠤᠬᠠᠭᠤᠯᠭ᠎ᠠ  ᠶᠢ ᠴᠢᠩᠭᠠᠳᠬᠠᠭᠰᠠᠨ ᠪᠠᠶᠢᠨ᠎ᠠ᠃  ᠡᠨᠡ ᠤᠳᠠᠭᠠᠨ ᠤ ᠠᠵᠢᠯᠯᠠᠭᠠᠨ ᠤ ᠬᠡᠯᠪᠡᠷᠢ ᠨᠢ ᠣᠯᠠᠨ  ᠂ ᠠᠭᠤᠯᠭ᠎ᠠ ᠨᠢ ᠪᠠᠶᠠᠯᠢᠭ ᠪᠠᠶᠢᠵᠤ  ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠲᠦᠭᠰᠢᠭᠦᠷᠢᠲᠦ ᠴᠢᠨᠠᠷ  ᠬᠢᠭᠡᠳ ᠨᠡᠶᠢᠭᠡᠮ ᠤᠨ ᠬᠤᠣᠷ ᠬᠥᠨᠥᠭᠡᠯᠳᠦ ᠴᠢᠨᠠᠷ ᠢ ᠣᠯᠠᠨ ᠲᠦᠮᠡᠨ ᠳᠤ ᠭᠦᠨᠵᠡᠭᠡᠢ ᠲᠠᠨᠢᠭᠤᠯᠤᠨ᠂ ᠣᠯᠠᠨ ᠲᠦᠮᠡᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠢᠯᠭᠠᠨ ᠲᠠᠨᠢᠬᠤ ᠴᠢᠳᠠᠪᠤᠷᠢ ᠶᠢ ᠴᠢᠩᠭᠠᠳᠬᠠᠭᠠᠳ᠂  ︽ᠬᠠᠤᠯᠢ ᠪᠤᠰᠤ ᠪᠠᠷ ᠪᠡᠯᠡ ᠴᠤᠭᠯᠠᠭᠤᠯᠬᠤ ᠠᠴᠠ ᠬᠥᠮᠥᠨ ᠪᠦᠬᠦᠨ ᠬᠤᠯᠠᠳᠠᠬᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠳᠤ ᠬᠥᠮᠥᠨ ᠪᠦᠬᠦᠨ ᠤᠷᠤᠯᠴᠠᠬᠤ︾ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠬᠤᠰᠢᠭᠤ ᠲᠠᠶᠠᠭᠠᠷ ᠲᠤ ᠪᠣᠶ ᠪᠣᠯᠭᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号