ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/6/17
    6 ᠰᠠᠷ᠎ᠠ ᠶᠢᠨ 16 ᠤ ᠡᠳᠦᠷ᠂  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠨᠢ 2022 ᠤᠨ ᠤ ᠨᠢᠬᠡᠳᠦᠭᠡᠷ ᠤᠳᠠᠭᠠᠨ ᠤ ᠬᠤᠷᠠᠯ ᠬᠤᠷᠠᠯᠳᠤᠭᠤᠯᠵᠤ᠂  ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠤᠨ᠂ ᠬᠠᠮᠢᠶ᠎ᠠ ᠪᠦᠬᠦᠢ ᠲᠦᠰᠦᠪ ᠲᠥᠯᠦᠪᠵᠢᠭᠦᠯᠭᠡ ᠶᠢ ᠬᠢᠨᠠᠨ ᠵᠦᠪᠯᠡᠵᠦ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃  ᠬᠤᠰᠢᠭᠤ ᠨᠠᠮ ᠤᠨ ᠬᠤᠷᠢᠶᠠᠨ ᠤ  ᠲᠡᠳ᠋ ᠱᠦᠵᠢ ᠸᠠᠩ ᠸᠧᠢ ᠬᠤᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠬᠤ ᠳᠠᠭᠠᠨ᠂ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠳᠣᠶᠢᠷᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠤᠯᠭᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠨᠢᠭᠡ  ᠴᠤᠭᠴᠠᠵᠢᠭᠰᠠᠨ ᠪᠠᠶᠢᠭᠤᠯᠤᠯᠲᠠ ᠶᠢ ᠠᠬᠢᠭᠤᠯᠵᠤ᠂  ︽ᠶᠡᠭᠡ ᠦᠵᠡᠯ ᠰᠠᠨᠠᠭ᠎ᠠ ᠤᠯᠤᠰ ᠲᠦᠷᠦ︾   ᠪᠠᠷ ᠬᠦᠮᠦᠨ ᠢ  ᠬᠦᠮᠦᠵᠢᠬᠦᠯᠬᠦ  ᠪᠠᠶᠢᠷᠢᠰᠢᠯ ᠢ ᠪᠤᠢ ᠪᠣᠯᠭᠠᠬᠤ ᠭᠡᠷᠡᠭᠳᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠠ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠢ ᠦᠨᠡᠨᠬᠦ ᠴᠢᠩᠭᠠᠳᠬᠠᠵᠤ᠂ ᠨᠠᠶᠢᠳᠠᠪᠤᠷᠢᠵᠢᠭᠤᠯᠬᠤ ᠴᠢᠬᠤᠯᠠ ᠲᠠᠢ ᠭᠤᠣᠯᠳᠠᠯᠭ᠎ᠠ ᠲᠠᠢ ᠡᠭᠦᠷᠭᠡ ᠶᠢ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠤᠨ᠂  ᠲᠠᠶᠢᠹᠤᠰᠧ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠰᠤᠷᠭᠠᠭᠤᠯᠢ ᠶᠢᠨ ᠳᠣᠲᠣᠭᠠᠳᠤ ᠶᠢᠨ ᠬᠢᠵᠢᠭ ᠰᠡᠷᠭᠡᠶᠢᠯᠡᠬᠦ ᠠᠵᠢᠯ ᠤᠨ ᠲᠤᠳᠠᠭᠤᠳᠠᠯ ᠪᠠ ᠲᠦᠭᠰᠢᠭᠦᠷᠢ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠨᠥᠬᠦᠪᠦᠷᠢᠯᠡᠵᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠣᠯᠣᠨ ᠪᠤᠰᠤᠳ ᠪᠠᠶᠢᠩᠭᠤ ᠲᠣᠬᠢᠶᠠᠯᠳᠤᠬᠤ ᠬᠠᠯᠳᠠᠪᠤᠷᠢᠲᠤ ᠡᠪᠡᠳᠴᠢᠨ ᠤ ᠲᠦᠭᠰᠢᠭᠦᠷᠢ ᠶᠢ ᠰᠡᠷᠭᠡᠶᠢᠯᠡᠵᠦ᠂ ᠡᠯ᠎ᠡ ᠰᠠᠯᠠᠭ᠎ᠠ ᠮᠥᠴᠢᠷ ᠤᠨ ᠬᠢᠨ ᠬᠠᠷᠢᠯᠴᠠᠵᠤ ᠬᠠᠮᠵᠢᠯᠴᠠᠬᠤ ᠲᠣᠭᠲᠠᠴᠠ ᠶᠢ ᠪᠠᠶᠢᠭᠤᠯᠤᠨ᠂ ᠰᠡᠷᠭᠡᠶᠢᠯᠡᠨ ᠡᠵᠡᠮᠳᠡᠬᠦ ᠡᠯ᠎ᠡ ᠭᠤᠭᠴᠤᠭ᠎ᠠ ᠶᠢ ᠨᠢᠭᠲᠠ ᠵᠣᠯᠭᠠᠭᠤᠯᠬᠤ ᠬᠡᠷᠡᠭᠲᠡᠢ᠃ ᠤᠳᠤᠷᠢᠳᠬᠤ ᠳᠤᠭᠤᠶᠢᠯᠠᠩ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠤᠳᠤᠷᠢᠳᠬᠤ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠶᠢ ᠣᠨᠣᠪᠴᠢᠲᠠᠶ ᠡᠵᠡᠮᠳᠡᠨ᠂ ᠨᠠᠮ ᠤᠨ ᠬᠤᠷᠢᠶ᠎ᠠ ᠠᠴᠠ ᠨᠢᠭᠡᠳᠦᠯᠲᠡᠢ ᠤᠳᠤᠷᠢᠳᠬᠤ᠂ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ   ᠠᠴᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠡᠯ᠎ᠡ ᠰᠠᠯᠠᠭ᠎ᠠ ᠮᠥᠴᠢᠷ ᠤᠳ ᠬᠤᠪᠢᠳᠠᠨ ᠬᠠᠷᠢᠭᠤᠴᠠᠬᠤ ᠠᠵᠢᠯ ᠤᠨ ᠲᠣᠭᠲᠠᠴᠠ ᠶᠢ ᠤᠯᠠᠮ ᠲᠡᠬᠦᠯᠳᠡᠷᠵᠢᠬᠦᠯᠵᠦ᠂ ᠨᠠᠮ ᠤᠨ ᠲᠥᠪ ᠬᠤᠷᠢᠶᠠᠨ ᠤ ᠰᠤᠷᠭᠠᠨ ᠬᠥᠮᠦᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ  ᠨᠠᠶᠢᠳᠠᠪᠤᠷᠢᠵᠢᠭᠤᠯᠤᠨ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ ᠬᠠᠮᠢᠶ᠎ᠠ ᠪᠦᠬᠦᠢ ᠰᠤᠷᠭᠠᠨ ᠬᠥᠮᠦᠵᠢᠯ ᠤᠨ ᠠᠵᠢᠯ ᠤᠨ ᠲᠠᠯ᠎ᠠ ᠪᠠᠷ ᠪᠣᠳᠠᠲᠠᠢ ᠪᠠᠶᠢᠷᠢᠯᠠᠭᠤᠯᠤᠯᠲᠠ ᠬᠢᠵᠡᠢ᠃ ᠬᠤᠰᠢᠭᠤᠨ ᠤ ᠤᠳᠤᠷᠢᠳᠤᠯᠭ᠎ᠠ ᠬᠡᠰᠢᠭᠲᠦ᠂  ᠡᠷᠳᠡᠨᠢᠪᠠᠭᠠᠳᠤᠷ᠂ ᠮᠠ ᠵᠥᠩ ᠰᠢᠶᠦ᠋ᠨ ᠬᠤᠷᠠᠯ ᠳᠤ  ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号