ᠲᠠᠶᠢᠹᠤᠰᠧ ᠬᠤᠰᠢᠭᠤ ︽ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠰᠠᠷ᠎ᠠ ᠶᠢᠨ ᠠᠰᠠᠭᠤᠨ ᠯᠠᠪᠯᠠᠬᠤ ᠡᠳᠦᠷ︾  ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/17
    ᠠᠶᠤᠯᠭᠦᠢ ᠦᠢᠯᠡᠳᠪᠦᠷᠢᠯᠡᠯ ᠤᠨ ᠬᠠᠤᠯᠢ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭᠠᠳᠬᠠᠨ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠭᠦ ᠬᠦᠴᠦᠨ ᠢᠶᠠᠷ ᠰᠠᠶᠢᠨ ᠠᠳᠬᠤᠵᠤ᠂  ᠲᠤᠰ ᠬᠤᠰᠢᠭᠤᠨ ᠤ ᠪᠠᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ 6 ᠰᠠᠷ᠎ᠠ ᠶᠢᠨ 16 ᠤ ᠡᠳᠦᠷ ᠲᠠᠶᠢᠹᠤᠰᠧ ᠬᠤᠰᠢᠭᠤ ︽ᠠᠶᠤᠯᠭᠦᠢ ᠦᠢᠯᠡᠳᠪᠦᠷᠢᠯᠡᠯ ᠤᠨ ᠬᠠᠤᠯᠢ ᠶᠢ ᠵᠢᠷᠤᠮᠯᠠᠨ ᠰᠠᠬᠢᠬᠤ ᠨᠢᠭᠡᠳᠦᠭᠡᠷ ᠬᠠᠷᠢᠭᠤᠴᠠᠯᠭᠠᠲᠠᠨ ᠪᠣᠯᠬᠤ ︾ ᠭᠤᠣᠯ ᠰᠡᠳᠦᠪ ᠤᠨ ᠲᠣᠭᠤᠷᠢᠨ ᠳᠤ ᠬᠤᠷᠢᠨ ᠨᠢᠬᠡᠳᠡᠬᠢ ︽ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠰᠠᠷ᠎ᠠ ᠶᠢᠨ  ᠠᠰᠠᠭᠤᠨ ᠯᠠᠪᠯᠠᠬᠤ  ᠡᠳᠦᠷ︾  ᠤᠨ ᠠᠵᠢᠯᠯᠠᠭ᠎ᠠ ᠶᠢ ᠦᠷᠨᠢᠬᠦᠯᠪᠡ᠃ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ ᠼᠦᠨ ᠮᠢᠩ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠶᠢᠨ ᠶᠦᠩ ᠾᠧ ᠠᠵᠢᠯᠯᠠᠭ᠎ᠠ ᠳᠤ ᠣᠷᠣᠯᠴᠠᠵᠠᠢ᠃ ᠶᠢᠨ ᠶᠦᠩ ᠾᠧ ᠶᠠᠷᠢᠶᠠᠨ ᠳᠠᠭᠠᠨ  ᠂ ᠠᠮᠤᠷ ᠲᠦᠪᠰᠢᠨ ᠪᠣᠯ ᠡᠯ᠎ᠡ  ᠲᠦᠷᠦᠯ ᠤᠨ ᠠᠵᠢᠯ ᠤᠨ ᠰᠠᠭᠤᠷᠢ ᠪᠠ ᠤᠷᠢᠲᠠᠯ ᠮᠥᠨ᠂  ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ᠠᠮᠤᠷ ᠲᠣᠭᠲᠠᠭᠤᠨ ᠢ ᠪᠠᠳᠤᠯᠠᠬᠤ ᠭᠡᠷᠡᠭᠳᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠪᠠᠷ ᠠᠵᠠ ᠲᠣᠬᠢᠶᠠᠯ ᠪᠤᠯᠭᠠᠨ᠂ ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠢ ᠬᠦᠨ ᠭᠦᠨᠵᠡᠭᠡᠢ ᠯᠠᠪᠳᠠᠭᠤᠨ ᠪᠠᠲᠤᠲᠠᠢ  ᠦᠷᠨᠢᠬᠦᠯᠵᠦ᠂ ᠠᠷᠠᠳ ᠤᠯᠠᠨ ᠤ ᠤᠯᠤᠯᠳᠠ ᠬᠦᠷᠲᠡᠮᠵᠢ ᠶᠢᠨ ᠲᠥᠷᠥᠭᠳᠡᠯ᠂  ᠠᠵᠠ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠡ ᠦᠭᠡᠢ ᠨᠡᠮᠡᠭᠳᠡᠬᠦᠯᠦᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠶᠤᠯᠭᠦᠢ ᠦᠢᠯᠡᠳᠪᠦᠷᠢᠯᠡᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  ᠠᠵᠢᠯᠯᠠᠭᠠᠨ ᠤ ᠠᠬᠤᠢ ᠲᠠᠯᠠᠪᠠᠶ ᠳᠤ᠂ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠭᠡᠰᠢᠬᠦᠨ ᠨᠢᠭᠡᠴᠡ ᠨᠢ ᠠᠵᠢᠯ ᠲᠥᠷᠥᠯ᠂ ᠰᠢᠲᠠᠮᠠᠬᠠᠢ ᠬᠡᠢ ᠂  ᠭᠠᠯ ᠲᠦᠢᠮᠡᠷ ᠵᠡᠷᠭᠡ ᠳᠤ ᠬᠤᠯᠪᠤᠭᠳᠠᠭᠰᠠᠨ ᠠᠮᠤᠷ ᠲᠦᠪᠰᠢᠨ ᠤ ᠮᠡᠳᠡᠯᠭᠡ ᠶᠢᠨ ᠲᠣᠭᠤᠷᠢᠨ ᠳᠤ᠂   ᠰᠠᠮᠪᠠᠷ᠎ᠠ ᠪᠤᠰᠠᠬᠠᠬᠤ ᠂  ᠬᠠᠭᠤᠳᠠᠰᠤ ᠲᠠᠷᠬᠠᠭᠠᠬᠤ᠂ ᠤᠷᠢᠶ᠎ᠠ ᠡᠯᠭᠦᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢ ᠪᠥᠬᠦ ᠲᠠᠯ᠎ᠠ ᠪᠠᠷ  ᠤᠬᠠᠭᠤᠯᠤᠨ ᠲᠦᠬᠡᠮᠡᠯᠵᠢᠬᠦᠯᠪᠡ᠃ ᠠᠵᠤ ᠠᠬᠤᠶᠢᠯᠠᠯ ᠤᠨ ᠲᠥᠯᠥᠭᠡᠯᠡᠭᠴᠢ ᠠᠴᠠ ᠪᠠᠰᠠ ᠲᠤᠬᠠᠢ ᠶᠢᠨ ᠲᠠᠯᠠᠪᠤᠷ ᠲᠤ ᠠᠶᠤᠯᠬᠦᠢ ᠦᠢᠯᠡᠳᠪᠦᠷᠢᠯᠡᠯ ᠢ ᠪᠠᠳᠤᠯᠠᠬᠤ ᠲᠠᠩᠭᠠᠷᠢᠭ ᠬᠢᠵᠡᠢ᠃  ᠡᠨᠡ ᠤᠳᠠᠭᠠᠨ ᠤ ᠠᠵᠢᠯᠯᠠᠭ᠎ᠠ ᠳᠤ 20 ᠭᠠᠷᠤᠢ ᠤᠬᠠᠭᠤᠯᠭ᠎ᠠ ᠶᠢᠨ ᠰᠠᠮᠪᠠᠷ᠎ᠠ  ᠪᠤᠰᠬᠠᠵᠤ᠂ ᠡᠯ᠎ᠡ ᠲᠥᠷᠥᠯ ᠤᠨ  ᠤᠬᠠᠭᠤᠯᠭ᠎ᠠ ᠶᠢᠨ ᠮᠠᠲ᠋ᠧᠷᠢᠶᠠᠯ ᠢ 500 ᠬᠤᠪᠢ ᠲᠠᠷᠬᠠᠭᠠᠭᠰᠠᠨ ᠪᠠᠶᠢᠨ᠎ᠠ᠃ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠭᠡᠰᠢᠬᠦᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ  ᠭᠤᠣᠯᠳᠠᠯᠭ᠎ᠠ ᠲᠠᠢ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠵᠢᠯᠯᠠᠭ᠎ᠠ ᠳᠤ ᠤᠷᠤᠯᠴᠠᠪᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号